ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ ᠲᠠᠷᠢᠶᠠᠯᠠᠩ ᠮᠠᠯ ᠠᠵᠤ ᠠᠬᠤᠢ ᠶᠢᠨ ᠠᠵᠣ ᠠᠬᠤᠶᠢᠯᠠᠯ ᠤᠨ ᠬᠡᠯᠬᠢᠶᠡᠵᠢᠯ ᠢ ᠣᠷᠲᠣᠳᠬᠠᠵᠣ  ᠪᠠᠶᠢᠨ᠎ᠠ
ᠨᠡᠶᠢᠲᠡᠯᠡᠭᠰᠡᠨ ᠴᠠᠭ᠄
2024/2/22
         ᠣᠶᠢᠷ᠎ᠠ ᠶᠢᠨ ᠵᠢᠯ ᠳᠤ᠂ ᠮᠠᠨ ᠤ ᠬᠤᠰᠢᠭᠤ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠬᠠᠷᠢᠴᠠᠭᠤᠯᠤᠭᠰᠠᠨ ᠳᠠᠪᠠᠭᠤᠯᠢᠭ ᠲᠠᠢ ᠵᠣᠬᠢᠴᠠᠭᠰᠠᠨ ᠲᠠᠷᠢᠶᠠᠯᠠᠩ  ᠦᠢᠯᠡᠳᠪᠦᠷᠢᠯᠡᠯ ᠤᠨ ᠪᠠᠶᠢᠷᠢᠰᠢᠯ ᠢ ᠪᠦᠷᠢᠯᠳᠦᠭᠦᠯᠵᠦ᠂ ᠲᠠᠷᠢᠵᠤ ᠲᠡᠵᠢᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠢᠶᠠᠷ ᠭᠠᠭ᠋ᠠᠢ ᠦᠬᠡᠷ ᠬᠤᠨᠢ᠂ ᠲᠥᠮᠥᠰᠥ ᠨᠣᠭᠤᠭ᠎ᠠ ᠰᠢᠬᠢᠷ ᠠᠮᠤ ᠪᠠ ᠡᠭᠦᠯᠳᠡᠷ ᠤᠨ ᠨᠤᠭᠤᠰᠤ ᠵᠡᠷᠭᠡ ᠠᠵᠤ ᠦᠢᠯᠡᠰ ᠨᠢ ᠨᠢᠭᠡᠨᠲᠡ ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠪᠡ᠃       2023 ᠣᠨ ᠳᠤ᠂ ᠮᠠᠨ ᠤ ᠬᠤᠰᠢᠭᠤᠨ ᠤ ᠬᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠲᠥᠷᠭᠡᠳᠬᠡᠭᠡᠭᠰᠡᠨ ᠪᠠᠶᠢᠨ᠎ᠠ᠃ ᠪᠥᠬᠦ ᠵᠢᠯ ᠳᠤ 2.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 20 ᠲᠦᠮᠡᠨ ᠮᠦ ᠪᠦᠲᠦᠭᠡᠨ ᠪᠠᠶᠢᠭᠤᠯᠪᠠ ᠃ ᠡᠭᠦᠨ ᠳᠤ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 13 ᠲᠦᠮᠡᠨ ᠮᠦ ᠪᠦᠲᠦᠭᠡᠨ ᠪᠠᠶᠢᠭᠤᠯᠵᠠᠢ᠃ ᠠᠮᠤ ᠪᠤᠳᠠᠭᠠᠨ ᠤ ᠶᠡᠷᠦᠩᠬᠡᠢ ᠤᠨᠠᠯᠲᠠ᠂ ᠮᠠᠯ ᠤᠨ ᠲᠤᠭ᠎ᠠ᠂ ᠮᠠᠯ ᠤᠨ ᠵᠢᠯ ᠤᠨ ᠭᠠᠷᠭᠠᠯᠲᠠ ᠶᠢᠨ ᠬᠡᠮᠵᠢᠶ᠎ᠡ ᠴᠥᠮ ᠪᠥᠬᠦ ᠬᠤᠲᠠ ᠶᠢᠨ ᠨᠢᠭᠡᠳᠦᠭᠡᠷ ᠲᠤ ᠣᠷᠣᠭᠰᠠᠨ ᠪᠠᠶᠢᠨ᠎ᠠ᠃       2024 ᠣᠨ ᠳᠤ᠂ ︽ᠪᠣᠬᠢᠷᠲᠤᠯ ᠦᠭᠡᠢ ᠣᠷᠭᠠᠨᠢᠭ᠂ ᠲᠡᠷᠢᠭᠦᠨ ᠤ ᠮᠡᠷᠭᠡᠵᠢᠯ ᠲᠠᠢ᠂ ᠭᠤᠷᠪᠠᠨ ᠠᠵᠤ ᠦᠢᠯᠡᠰ ᠢ ᠠᠭᠤᠰᠤᠯᠴᠠᠭᠤᠯᠤᠨ᠂ ᠲᠣᠭᠠᠴᠢᠯᠠᠭᠰᠠᠨ ᠡᠨᠧᠷᠭᠢ ᠬᠠᠪᠰᠤᠷᠭᠠᠬᠤ︾ ᠬᠥᠭᠵᠢᠯᠲᠡ ᠶᠢᠨ ᠴᠢᠭᠯᠡᠯ ᠢᠶᠠᠷ᠂ ᠪᠥᠬᠦ ᠬᠤᠰᠢᠭᠤᠨ ᠤ ᠬᠢᠨ ︽ᠭᠠᠵᠠᠷ᠂ ᠤᠰᠤ᠂ ᠡᠭᠦᠯᠳᠡᠷ ᠪᠠ ᠠᠮᠤ ᠪᠤᠳᠠᠭ᠎ᠠ᠂ ᠮᠢᠬ᠎ᠠ᠂ ᠰᠦ︾ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 400 ᠲᠦᠮᠡᠨ ᠮᠦ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ᠂ ᠣᠶᠤᠨᠲᠤ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠢᠲᠡᠨ ᠰᠡᠷᠢᠭᠦᠨ ᠢᠳᠡᠰᠢᠨ ᠨᠣᠭᠤᠭᠠᠨ ᠤ ᠠᠵᠤ ᠦᠢᠯᠡᠰ ᠢ ᠬᠥᠭᠵᠢᠭᠦᠯᠦᠨ᠎ᠡ᠂ ᠥᠪᠥᠷ ᠮᠣᠩᠭᠤᠯ ᠤᠨ ᠵᠡᠭᠦᠨ ᠬᠡᠰᠡᠭ ᠤᠨ ᠡᠷᠳᠡᠨᠢ ᠰᠢᠰᠢ ᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ︽ᠦᠬᠡᠷ ᠢ ᠨᠡᠮᠡᠭᠳᠡᠭᠦᠯᠦᠨ ᠬᠤᠨᠢ ᠶᠢ ᠰᠢᠯᠢᠭᠲᠡᠵᠢᠭᠦᠯᠬᠦ᠂ ᠵᠢᠭᠦᠷᠲᠡᠨ ᠢ ᠨᠡᠮᠡᠭᠳᠡᠭᠦᠯᠦᠨ ᠭᠠᠭ᠋ᠠᠢ ᠶᠢ ᠰᠢᠯᠢᠭᠲᠡᠵᠢᠭᠦᠯᠬᠦ︾ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︽ᠠᠮᠤ ᠪᠤᠳᠠᠭᠠᠨ ᠤ ᠡᠬᠢ ᠪᠠᠶᠠᠯᠢᠭ ᠪᠠ ᠢᠳᠡᠭᠡᠨ ᠤ ᠡᠬᠢ ᠪᠠᠶᠠᠯᠢᠭ︾᠂ ︽ᠬᠥᠳᠡᠭᠡ ᠠᠵᠤ ᠠᠬᠤᠢ ᠶᠢᠨ ᠡᠬᠢ ᠪᠠᠶᠠᠯᠢᠭ ᠪᠠ ᠠᠵᠤ ᠦᠢᠯᠡᠳᠪᠦᠷᠢ ᠶᠢᠨ ᠡᠬᠢ ᠪᠠᠶᠠᠯᠢᠭ︾ ᠢ ᠪᠡᠶᠡᠯᠡᠭᠦᠯᠬᠦ ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠥᠯᠥᠪᠵᠢᠭᠦᠯᠵᠦ᠂ ᠬᠡᠯᠬᠢᠶᠡᠵᠢᠯ ᠢ ᠤᠷᠲᠤᠳᠬᠠᠬᠤ ᠠᠵᠢᠯᠯᠠᠭ᠎ᠠ ᠶᠢ ᠬᠡᠷᠡᠭᠵᠢᠭᠦᠯᠦᠨ᠂ᠮᠠᠯ  ᠲᠠᠷᠢᠶᠠᠯᠠᠩ  ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠶᠡᠬᠡᠪᠡᠷ ᠠᠬᠢᠭᠤᠯᠬᠤ ᠪᠣᠯᠣᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号