ᠮᠥᠩᠬᠡ ᠬᠤᠰᠢᠭᠤᠨ ᠤ ᠠᠵᠤ ᠦᠢᠯᠡᠳᠪᠦᠷᠢ ᠶᠢᠨ ᠰᠤᠷᠠᠭ ᠵᠠᠩᠬᠢᠵᠢᠯᠳᠠ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠲᠤᠪᠴᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/22
       2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠰᠢᠭᠤᠨ ᠤ ᠠᠵᠤ ᠦᠢᠯᠡᠳᠪᠦᠷᠢ ᠶᠢᠨ ᠰᠤᠷᠠᠭ ᠵᠠᠩᠬᠢᠵᠢᠯᠳᠠ ᠪᠠ ᠰᠢᠨᠵᠢᠯᠡᠬᠦ  ᠮᠡᠷᠭᠡᠵᠢᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ  ᠂ 2024 ᠣᠨ ᠤ ᠠᠵᠤ ᠠᠬᠤᠢ ᠶᠢᠨ ᠠᠵᠢᠯᠯᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ  ᠡᠬᠢᠯᠡᠭᠦᠯᠥᠭᠰᠡᠨ ᠪᠠᠶᠢᠳᠠᠯ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃        ᠰᠠᠭᠤᠳᠠᠯ ᠤᠨ ᠬᠤᠷᠠᠯ ᠳᠡᠭᠡᠷ᠎ᠡ᠂ ᠮᠥᠩᠬᠡ ᠬᠤᠰᠢᠭᠤᠨ ᠤ ᠠᠵᠤ ᠦᠢᠯᠡᠳᠪᠦᠷᠢ ᠶᠢᠨ ᠰᠤᠷᠠᠭ ᠵᠠᠩᠬᠢᠵᠢᠯᠳᠠ ᠪᠠ ᠰᠢᠨᠵᠢᠯᠡᠬᠦ  ᠮᠡᠷᠭᠡᠵᠢᠯ ᠤᠨ  ᠲᠣᠪᠴᠢᠶ᠎ᠠ᠂ ᠲᠤᠭ᠎ᠠ ᠪᠦᠷᠢᠳᠬᠡᠯ ᠤᠨ  ᠲᠤᠪᠴᠢᠶᠠᠨ ᠤ  ᠠᠵᠢᠯ ᠤᠨ ᠬᠠᠷᠢᠭᠤ  ᠮᠡᠳᠡᠭᠦᠯᠥᠯᠳᠡ ᠶᠢ  ᠰᠣᠨᠣᠰᠤᠭᠰᠠᠨ ᠤ ᠳᠠᠷᠠᠭ᠎ᠠ᠂  ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ  ᠬᠢᠨ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ   ᠠᠴᠠ ᠪᠠᠨ   ᠠᠵᠢᠯᠯᠠᠨ᠂ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ  ᠪᠤᠯᠭᠠᠵᠤ᠂ ᠲᠣᠭᠲᠠᠭᠤᠨ ᠤ ᠳᠤᠮᠳᠠ  ᠤᠷᠤᠭᠰᠢᠯᠠᠬᠤ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠢ  ᠠᠬᠢᠭᠤᠯᠵᠤ᠂ ᠲᠥᠷᠥᠯ ᠵᠦᠢᠯ ᠢ ᠬᠥᠲᠥᠯᠥᠨ ᠵᠢᠯᠤᠭᠤᠳᠴᠤ᠂ ᠪᠦᠲᠦᠭᠡᠨ ᠪᠠᠶᠢᠭᠤᠯᠤᠯᠲᠠ ᠶᠢ ᠠᠳᠬᠤᠨ᠂ ᠬᠥᠭᠵᠢᠯᠲᠡ ᠶᠢ ᠠᠬᠢᠭᠤᠯᠵᠤ᠂ ᠠᠶᠤᠯ ᠲᠦᠭᠰᠢᠭᠦᠷᠢ ᠶᠢ  ᠰᠡᠷᠭᠡᠶᠢᠯᠡᠨ᠂ ᠣᠩᠨᠢᠭᠤᠳ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠡᠬᠢᠯᠡᠯᠲᠡ ᠲᠠᠢ ᠪᠠᠶᠢᠬᠤ ᠶᠢ ᠪᠠᠲᠤᠯᠠᠬᠤ ᠬᠡᠷᠡᠭᠲᠡᠢ  ᠭᠡᠵᠥ ᠴᠢᠬᠤᠯᠠᠴᠢᠯᠠᠭᠰᠠᠨ ᠪᠠᠶᠢᠨ᠎ᠠ  ᠃       ᠮᠥᠩᠬᠡ  ᠶᠠᠷᠢᠶᠠᠨ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂  ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠠᠷᠢᠯᠢᠭ ᠣᠨᠣᠴᠢᠲᠠᠢ ᠪᠠᠷ ᠰᠤᠳᠤᠯᠤᠨ ᠮᠠᠭᠠᠳᠯᠠᠬᠤ ᠬᠡᠷᠡᠭᠳᠡᠢ᠃  ᠭᠤᠣᠯᠳᠠᠯᠭ᠎ᠠ ᠲᠠᠢ ᠲᠥᠷᠥᠯ ᠵᠦᠢᠯ ᠢ ᠤᠷᠢᠳᠴᠢᠯᠠᠨ ᠲᠥᠰᠥᠪᠯᠡᠵᠦ᠂ ᠲᠥᠯᠦᠪᠵᠢᠭᠦᠯᠭᠡ ᠶᠢᠨ ᠲᠥᠷᠥᠯ ᠵᠦᠢᠯ ᠳᠤ ᠭᠠᠷᠳᠠᠮ ᠢ ᠠᠳᠬᠤᠨ᠂ ᠰᠢᠨ᠎ᠡ ᠪᠠᠷ ᠪᠠᠶᠢᠭᠤᠯᠬᠤ ᠲᠥᠷᠥᠯ ᠵᠦᠢᠯ  ᠤᠨ ᠡᠮᠦᠨᠡᠬᠢ ᠬᠤᠭᠤᠴᠠᠭ᠎ᠠ ᠶᠢ ᠠᠳᠬᠤᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠠᠬᠢᠴᠠ ᠶᠢ  ᠠᠳᠬᠤᠨ᠂ ᠪᠣᠳᠠᠲᠠᠢ ᠠᠵᠢᠯ ᠪᠣᠳᠠᠲᠤ ᠪᠦᠲᠦᠮᠵᠢ ᠪᠠᠷ ᠢᠶᠠᠨ ᠪᠥᠬᠦ ᠬᠤᠰᠢᠭᠤᠨ ᠤ ᠠᠵᠤ ᠠᠬᠤᠢ ᠶᠢᠨ ᠡᠬᠢᠨ ᠤ ᠤᠯᠠᠷᠢᠯ ᠤᠨ ᠠᠮᠵᠢᠯᠲᠠ ᠣᠯᠬᠤ  ᠳᠤ ᠨᠥᠬᠦᠴᠡᠯ ᠪᠦᠷᠢᠯᠳᠦᠭᠦᠯᠦᠨ ᠥᠭᠴᠦ᠂ ᠪᠥᠬᠦ ᠵᠢᠯ ᠤᠨ ᠡᠭᠦᠷᠭᠡ ᠢᠶᠠᠨ ᠪᠡᠶᠡᠯᠡᠭᠦᠯᠥᠨ ᠲᠡᠷᠢᠭᠦᠨ ᠪᠠᠶᠢᠷᠢᠨ ᠳᠤ ᠣᠷᠣᠬᠤ   ᠰᠠᠨᠠᠭᠠᠴᠢᠯᠠᠭᠠᠲᠤ ᠡᠷᠬᠡ ᠶᠢ  ᠣᠯᠬᠤ ᠪᠠᠷ ᠴᠢᠷᠮᠠᠶᠢᠬᠤ ᠬᠡᠷᠡᠭᠳᠡᠢ  ᠃ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠢᠮᠠᠭᠲᠠ ᠪᠠᠲᠤᠳᠬᠠᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠰᠠᠶᠢᠲᠤᠷ  ᠠᠳᠬᠤᠨ᠂ ᠡᠯ᠎ᠡ ᠲᠠᠰ ᠳᠠᠪᠬᠤᠷᠭ᠎ᠠ ᠶᠢᠨ ᠠᠵᠢᠯ ᠤᠨ ᠲᠣᠬᠢᠷᠠᠭᠤᠯᠤᠯᠲᠠ ᠶᠢ  ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠰᠢᠢᠳᠪᠦᠷᠢᠯᠡᠬᠦ ᠬᠡᠷᠡᠭᠲᠡᠢ᠃ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠤᠳᠤᠷᠢᠳᠤᠮᠵᠢ ᠪᠣᠯᠭᠠᠵᠤ᠂ ︽ ᠰᠢᠯᠢᠳᠡᠭᠵᠢᠭᠦᠯᠬᠦ᠂ ᠲᠤᠰᠬᠠᠶᠢᠵᠢᠬᠤ᠂  ᠦᠵᠥᠭᠦᠷᠯᠡᠬᠦ︾ ᠪᠠᠷᠢᠮᠵᠢᠶ᠎ᠠ ᠶᠢ  ᠲᠤᠪᠤᠶᠢᠯᠭᠠᠨ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ  ᠲᠡᠭᠦᠯᠳᠡᠷᠵᠢᠭᠦᠯᠥᠨ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ  ᠴᠢᠳᠠᠪᠤᠷᠢᠳᠠᠨ ᠬᠡᠷᠡᠭᠯᠡᠬᠦ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠮᠥᠩᠭᠦᠨ ᠭᠦᠢᠯᠭᠡᠭᠡᠨ ᠤ ᠳᠡᠮᠵᠢᠯᠭᠡ  ᠣᠯᠬᠤ ᠶᠢ  ᠳᠡᠭᠡᠳᠦ ᠱᠠᠲᠤᠨ ᠤ ᠲᠥᠷᠥᠯ ᠵᠦᠢᠯ ᠤᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠵᠥᠪᠰᠢᠶᠡᠷᠡᠯ ᠤᠨ ᠨᠥᠬᠦᠴᠡᠯ ᠢ ᠭᠦᠨᠵᠡᠭᠡᠢ ᠰᠤᠳᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠂ ᠲᠥᠷᠥᠯ ᠵᠦᠢᠯ ᠂ ᠪᠠᠷᠢᠯᠭ᠎ᠠ ᠶᠢᠨ ᠬᠤᠭᠤᠴᠠᠭᠠᠨ ᠤ ᠠᠰᠢᠭᠳᠠᠢ ᠲᠤᠬᠢᠶᠠᠯ ᠢ  ᠠᠮᠵᠢᠨ  ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ  ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ  ᠬᠠᠩᠭᠠᠬᠤ ᠬᠡᠷᠡᠭᠳᠡᠢ ᠭᠡᠰᠡᠨ ᠪᠠᠶᠢᠨ᠎ᠠ᠃        ᠮᠥᠩᠬᠡ ᠪᠠᠰᠠ ᠶᠠᠷᠢᠶᠠᠨ ᠳᠠᠭᠠᠨ᠂ ᠲᠤᠭ᠎ᠠ ᠪᠦᠷᠢᠳᠬᠡᠯ ᠤᠨ ᠠᠵᠢᠯ ᠢ  ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠲᠤᠭ᠎ᠠ ᠪᠦᠷᠢᠳᠬᠡᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂  ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠸᠠᠩ ᠵᠢᠶᠦ᠋ᠨ ᠵᠢᠶᠦ᠋ᠨ᠂ ᠲᠤᠪᠳᠤᠨᠰᠡᠩᠭᠡ᠂ ᠴᠧᠨ ᠹᠧᠢ  ᠬᠤ᠋ ᠵᠡᠷᠭᠡ ᠤᠳᠤᠷᠢᠳᠤᠯᠭ᠎ᠠ ᠬᠠᠮᠲᠤ ᠪᠠᠷ ᠪᠠᠶᠢᠴᠠᠭᠠᠨ ᠰᠤᠳᠤᠯᠤᠯᠲᠠ  ᠬᠢᠪᠡ  ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号