ᠬᠤᠰᠢᠭᠤᠨ  ᠤ ᠨᠠᠮ ᠤᠨ ᠬᠤᠷᠢᠶ᠎ᠠ ᠶᠢᠨ ᠣᠨᠣᠯ  ᠤᠨ  ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ  ᠥᠷᠭᠡᠳᠬᠡᠭᠰᠡᠨ  ᠰᠤᠷᠤᠯᠴᠠᠯᠭ᠎ᠠ ᠶᠢᠨ ᠬᠤᠷᠠᠯ ᠵᠢᠴᠢ ᠴᠠᠭᠠᠨ ᠰᠠᠷ᠎ᠠ ᠶᠢᠨ ᠨᠤᠮ ᠤᠩᠰᠢᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/22
         2 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ   ᠤᠨ  ᠰᠤᠷᠤᠯᠴᠠᠯᠭ᠎ᠠ  ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠵᠢᠴᠢ ᠴᠠᠭᠠᠨ ᠰᠠᠷ᠎ᠠ ᠶᠢᠨ ᠨᠣᠮ ᠤᠩᠰᠢᠯᠭ᠎ᠠ ᠶᠢᠨ ᠬᠤᠷᠠᠯ ᠬᠤᠷᠠᠯᠳᠤᠪᠠ᠃ ᠵᠠᠩ ᠭᠦᠸᠧ ᠬᠤᠸᠠ᠂  ᠮᠦᠩᠬᠡ  ᠂ ᠯᠢ ᠢᠦᠢ ᠲᠢᠩ᠂ ᠬᠥᠭᠵᠢᠯᠲᠦ ᠵᠡᠷᠭᠡ ᠤᠳᠤᠷᠢᠳᠤᠯᠭ᠎ᠠ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃         ᠨᠣᠮ ᠤᠩᠰᠢᠯᠭ᠎ᠠ ᠶᠢᠨ ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠭᠦᠸᠧ ᠳ᠋ᠦᠩ ᠮᠧᠢ  ᠫᠷᠤᠹᠧᠰᠰᠤᠷ ᠪᠣᠯᠣᠨ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦ᠋ ᠵᠢᠶᠦ᠋ᠨ ᠶᠣᠣ ᠫᠷᠤᠹᠧᠰᠰᠤᠷ ᠠᠴᠠ  ᠲᠤᠰ ᠲᠤᠰ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠳᠠᠬᠢ ᠨᠡᠶᠢᠲᠡᠯᠢᠭ ᠴᠢᠨᠠᠷ ᠪᠣᠯᠣᠨ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠡᠵᠡᠮᠳᠡᠶ᠎ᠡ︾᠂ ︽2024 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠨ᠂ ᠳᠠᠷᠪᠠᠭᠤᠯ ᠬᠡᠶᠢᠰᠬᠡᠨ ᠰᠢᠨ᠎ᠡ ᠠᠶᠠᠯᠠᠯ ᠢᠶᠠᠨ ᠡᠬᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠢᠷᠠᠭᠤ ᠬᠠᠭᠤᠳᠠᠰᠤ ᠶᠢ ᠪᠢᠴᠢᠭᠯᠡᠰᠦᠭᠡᠢ︾ ᠭᠡᠰᠡᠨ ᠲᠤᠰᠬᠠᠢ ᠰᠡᠳᠦᠪᠲᠦ ᠲᠠᠶᠢᠯᠤᠮᠵᠢ  ᠬᠢᠪᠡ᠃        ᠰᠤᠷᠤᠯᠴᠠᠯᠭ᠎ᠠ ᠶᠢᠨ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ  ᠬᠤ᠋ ᠹᠧᠩ ᠶᠠᠨ  ᠡᠷᠬᠢᠯᠡᠪᠡ  ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ  ᠲᠤᠭᠤᠰᠢᠯᠠᠭᠤᠯᠬᠤ ᠶᠢᠨ  ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠠᠮ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠡᠢ᠃         ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ  ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ  ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃         ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ   ᠤᠨ  ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ  ᠬᠡᠰᠢᠭᠦᠳ ᠵᠢᠴᠢ   ᠭᠠᠵᠠᠷ ᠤᠨ ᠲᠠᠰ ᠤᠨ ᠤᠳᠤᠷᠢᠳᠤᠯᠭ᠎ᠠ᠂ ᠪᠥᠬᠦ ᠬᠤᠰᠢᠭᠤᠨ ᠤ ᠳᠡᠳ᠋ ᠰᠠᠯᠠᠭᠠᠨ ᠲᠠᠰ  ᠠᠴᠠ ᠳᠡᠭᠡᠭᠰᠢᠬᠢ ᠤᠳᠤᠷᠢᠳᠬᠤ  ᠺᠠᠲᠷᠴᠤᠳ  ᠬᠤᠷᠠᠯ ᠳᠤ ᠣᠷᠣᠯᠴᠠᠪᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号