ᠮᠥᠩᠬᠡ ᠬᠤᠰᠢᠭᠤᠨ ᠤ ᠭᠠᠵᠠᠷ ᠰᠢᠷᠣᠢ  ᠨᠦᠭᠡᠴᠡᠯᠡᠬᠦ ᠵᠥᠪᠯᠡᠯ ᠤᠨ 2024 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/22
       2 ᠰᠠᠷ᠎ᠠ ᠶᠢᠨ 20 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠰᠢᠭᠤᠨ ᠤ ᠭᠠᠵᠠᠷ ᠰᠢᠷᠣᠢ  ᠨᠦᠭᠡᠴᠡᠯᠡᠬᠦ ᠵᠥᠪᠯᠡᠯ ᠤᠨ 2024 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠂  ᠬᠤᠰᠢᠭᠤᠨ ᠳᠡᠳ᠋ ᠳᠠᠷᠤᠭ᠎ᠠ ᠳ᠋ᠤᠪᠳᠤᠨᠰᠸᠡᠭᠭᠡ ᠬᠤᠷᠠᠯ ᠳᠤ ᠣᠷᠣᠯᠴᠠᠵᠠᠢ᠃        ᠬᠤᠷᠠᠯ ᠠᠴᠠ ᠬᠡᠰᠡᠭ ᠭᠠᠵᠠᠷ ᠰᠢᠷᠣᠢ ᠶᠢ ᠬᠡᠷᠡᠭᠯᠡᠬᠦ ᠲᠥᠯᠦᠪᠵᠢᠭᠦᠯᠭᠡ ᠶᠢᠨ ᠪᠠᠶᠢᠳᠠᠯ ᠤᠨ ᠲᠣᠳᠣᠷᠬᠠᠶᠢᠯᠠᠯᠲᠠ ᠶᠢ  ᠰᠤᠨᠤᠰᠤᠭᠰᠠᠨ ᠤ ᠬᠠᠮᠲᠤ  ᠴᠢᠩᠭᠠᠳᠬᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠰᠢᠷᠣᠢ ᠶᠢᠨ ᠨᠥᠭᠡᠴᠡᠯᠡᠯᠲᠡ ᠶᠢᠨ ᠠᠵᠢᠯ ᠢ ᠰᠠᠶᠢᠲᠤᠷ  ᠬᠢᠵᠦ᠂  ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ᠨᠦᠭᠡᠴᠡᠯᠡᠭᠰᠡᠨ ᠭᠠᠵᠠᠷ ᠰᠢᠷᠣᠢ ᠶᠢ ᠠᠰᠢᠭᠯᠠᠵᠤ ᠬᠠᠮᠠᠭᠠᠯᠠᠬᠤ ᠶᠢ ᠴᠢᠩᠭᠠᠳᠬᠠᠵᠤ᠂ ᠭᠠᠵᠠᠷ ᠰᠢᠷᠣᠢ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ᠃  ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠢᠯᠣᠭᠤᠳᠤᠯᠭ᠎ᠠ ᠪᠠᠨ ᠴᠢᠩᠭᠠᠳᠬᠠᠵᠤ᠂  ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ  ᠪᠠᠭᠠᠰᠬᠠᠨ᠂ ᠭᠠᠵᠠᠷ ᠰᠢᠷᠣᠢ ᠬᠠᠩᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ ᠭᠡᠵᠡᠢ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号