ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ  104  ᠳ᠋ᠤᠭᠡᠷ  ᠤᠳᠠᠭᠠᠨ ᠤ  ᠬᠤᠷᠠᠯ  ᠬᠢᠪᠡ
ᠨᠡᠶᠢᠲᠡᠯᠡᠭᠰᠡᠨ ᠴᠠᠭ᠄
2024/2/22
       2 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 104  ᠳ᠋ᠤᠭᠡᠷ  ᠤᠳᠠᠭᠠᠨ ᠤ  ᠬᠤᠷᠠᠯ ᠢ ᠡᠷᠭᠢᠯᠡᠨ ᠬᠤᠷᠠᠯᠳᠤᠭᠤᠯᠪᠠ᠃  ᠮᠦᠩᠬᠡ᠂ ᠰᠦᠨ ᠮᠢᠩ ᠲᠤᠤ᠂ ᠾᠧᠦ ᠭᠦᠸᠧ ᠵᠢᠩ᠂ ᠸᠠᠩ ᠵᠢᠶᠦ᠋ᠨ ᠵᠢᠶᠦ᠋ᠨ᠂ ᠯᠢ ᠶᠠ ᠵᠢᠶᠦ᠋ᠨ᠂  ᠬᠤ᠋ ᠹᠧᠩ ᠶᠠᠨ᠂  ᠭᠧᠩ ᠸᠧᠢ ᠳ᠋ᠦᠩ᠂ ᠵᠦ ᠴᠦᠨ ᠶᠦᠩ᠂ ᠵᠠᠩ ᠵᠢᠦ  ᠫᠦᠸᠧ ᠬᠤᠷᠠᠯ ᠳᠤ ᠣᠷᠣᠯᠴᠠᠪᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠨᠠᠷ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ᠂  ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠴᠢᠬᠤᠯᠠ ᠬᠤᠷᠠᠯ᠂ ᠴᠢᠬᠤᠯᠠ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃ ᠬᠤᠷᠠᠯ   ᠠᠴᠠ ︽ᠬᠤᠰᠢᠭᠤᠨ   ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ   ᠶᠢᠨ ᠬᠢᠨᠠᠨ ᠵᠥᠪᠯᠡᠬᠦ ᠨᠣᠣᠷᠠᠭ  ︾᠂ ︽ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠠᠳᠠ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ ᠲᠣᠭᠤᠷᠢᠨ ᠪᠠᠶᠢᠴᠠᠭᠠᠯᠲᠠ ᠬᠢᠵᠦ ᠬᠠᠷᠢᠭᠤ ᠲᠤᠰᠬᠠᠭᠰᠠᠨ ᠰᠠᠨᠠᠯ  ᠢ ᠴᠡᠭᠴᠡᠯᠡᠨ ᠰᠠᠶᠢᠵᠢᠷᠠᠭᠤᠯᠬᠤ ᠣᠩᠨᠢᠭᠤᠳ ᠬᠤᠰᠢᠭᠤᠨ ᠤ ᠲᠥᠰᠥᠯ   ᠤᠨ ᠬᠢᠨᠠᠨ ᠵᠥᠪᠯᠡᠬᠦ ᠨᠣᠣᠷᠠᠭ  ︾ ᠢ ᠬᠢᠨᠠᠨ ᠵᠥᠪᠯᠡᠵᠦ ᠪᠠᠲᠤᠯᠠᠪᠠ︔ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ᠂ ᠠᠵᠤ ᠠᠬᠤᠶᠢᠯᠠᠯ ᠤᠨ ᠦᠢᠯᠡᠳᠪᠦᠷᠢᠯᠡᠯ᠂ ᠣᠯᠠᠨ ᠨᠡᠶᠢᠲᠡ ᠶᠢᠨ ᠠᠮᠤᠷ ᠲᠦᠪᠰᠢᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ᠂ 1  ᠂  2 ᠳ᠋ᠤᠭᠠᠷ ᠰᠠᠷ᠎ᠠ ᠶᠢᠨ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠪᠠ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ  ᠰᠣᠨᠣᠰᠪᠠ᠃        ᠬᠤᠷᠠᠯ ᠠᠴᠠ᠂ ᠠᠶᠤᠯᠭᠦᠢ ᠦᠢᠯᠡᠳᠪᠦᠷᠢᠯᠡᠯ  ᠢ ᠴᠠᠭ ᠢᠮᠠᠭᠲᠠ  ᠴᠢᠩᠭᠠᠳᠬᠠᠵᠤ᠂ ︽ᠬᠦᠨᠳᠦ ᠶᠡᠭᠡ ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠡᠩ ᠤᠨ ᠠᠳᠡᠯ ᠭᠠᠷᠬᠤ ᠶᠢ ᠠᠯᠢ ᠴᠢᠳᠠᠬᠤ ᠪᠠᠷ ᠪᠠᠭᠠᠰᠬᠠᠬᠤ︾ᠠᠵᠢᠯ ᠤᠨ ᠬᠠᠷᠠᠯᠲᠠ ᠶᠢᠨ ᠲᠣᠭᠤᠷᠢᠨ ᠳᠤ᠂ ᠦᠨᠳᠦᠰᠦᠨ  ᠱᠠᠳᠤ ᠪᠠᠷ  ᠭᠤᠤᠯᠳᠠᠭᠤᠯᠵᠤ᠂ ᠵᠠᠩᠭᠢᠯᠠᠭ᠎ᠠ ᠶᠢᠨ  ᠴᠢᠭ ᠢ  ᠠᠳᠬᠤᠵᠤ᠂  ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ  ᠦᠷᠭᠦᠯᠵᠢ ᠶᠢᠨ ᠴᠢᠨᠠᠷᠳᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠪᠠᠶᠠᠷ  ᠳᠤᠷᠠᠰᠬᠠᠯ   ᠤᠨ ᠡᠳᠥᠷ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠦᠢᠯᠡᠴᠢᠯᠡᠭᠡᠨ ᠤ ᠤᠬᠠᠮᠰᠠᠷ ᠢᠶᠠᠨ  ᠦᠷᠭᠦᠯᠵᠢᠯᠡᠨ ᠴᠢᠩᠭᠠᠳᠬᠠᠵᠤ ᠂  ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ  ᠳᠡᠭᠡᠭᠰᠢᠯᠡᠭᠦᠯᠥᠨ᠂ ᠠᠷᠠᠳ ᠤᠨ ᠡᠵᠡᠩᠨᠡᠯᠳᠥ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠨᠡᠩ  ᠴᠢᠬᠤᠯᠠᠴᠢᠯᠠᠨ ᠬᠠᠮᠠᠭᠠᠯᠠᠵᠤ ᠳᠡᠮᠵᠢᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂  ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ᠂ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢᠨ ᠠᠵᠠ ᠲᠣᠬᠢᠶᠠᠯ ᠢ ᠠᠮᠵᠢᠵᠤ᠂ ᠠᠷᠠᠳ ᠲᠤ ᠠᠰᠢᠭ ᠬᠦᠷᠲᠡᠭᠡᠬᠦ ᠠᠷᠪᠢᠴᠢ ᠭᠠᠮᠲᠠᠢ ᠪᠣᠳᠠᠲᠠᠢ ᠶᠢ ᠡᠷᠬᠢᠮᠯᠡᠬᠦ ᠵᠠᠷᠴᠢᠮ ᠢᠶᠠᠷ᠂ ᠪᠦᠬᠦ ᠵᠢᠯ ᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠰᠢᠰᠲ᠋ᠧᠮ ᠲᠠᠢ ᠤᠬᠠᠭᠠᠯᠠᠨ ᠡᠷᠬᠢᠯᠡᠵᠦ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠦᠬᠦ ᠣᠷᠣᠨ ᠪᠦᠰᠡ ᠶᠢᠨ ᠳᠦᠷᠪᠡᠨ ᠤᠯᠠᠷᠢᠯ ᠤᠨ ᠵᠤᠭᠠᠴᠠᠯ ᠤᠨ ᠦᠢᠯᠡᠰ ᠢ ᠠᠮᠢᠳᠤᠯᠢᠭ ᠪᠣᠯᠭᠠᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠨᠥᠯᠥᠭᠡᠯᠡᠬᠦ ᠬᠦᠴᠦᠨ ᠪᠣᠯᠣᠨ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠯᠡᠳᠬᠡᠵᠦ᠂ ᠲᠥᠷᠥᠯ ᠵᠦᠢᠯ ᠢ ᠶᠡᠭᠡ ᠪᠠᠷ ᠠᠳᠬᠤᠬᠤ᠂ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ᠂ ᠬᠥᠭᠵᠢᠯᠲᠡ ᠶᠢ ᠶᠡᠭᠡ ᠪᠠᠷ ᠠᠳᠬᠤᠬᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠷᠭᠦᠯᠵᠢᠯᠡᠨ ᠪᠦᠲᠦᠭᠡᠨ ᠪᠠᠶᠢᠭᠤᠯᠬᠤ5 ᠰᠢᠨ᠎ᠡ ᠡᠨᠧᠷᠭᠢ ᠶᠢᠨ  ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ  ᠰᠦᠯᠵᠢᠶᠡᠨ  ᠳᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠵᠡᠷᠭᠡ ᠠᠵᠢᠯ ᠢ ᠲᠦᠷᠭᠡᠳᠬᠡᠨ᠂ ᠰᠢᠨ᠎ᠡ ᠡᠨᠧᠷᠭᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠠ ᠨᠡᠭᠡᠭᠡᠯᠲᠡ ᠶᠢᠨ ᠲᠣᠭᠤᠷᠢᠭ ᠤᠨ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠵᠡᠷᠭᠡ ᠲᠥᠷᠥᠯ ᠵᠦᠢᠯ ᠢ ᠲᠦᠷᠭᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠨᠠᠩ ᠣᠯᠠᠨ ᠪᠣᠳᠠᠲᠠᠢ ᠪᠡᠯᠡ ᠣᠷᠣᠭᠤᠯᠤᠯᠲᠠ ᠪᠠ ᠠᠵᠤ ᠦᠢᠯᠡᠳᠪᠦᠷᠢ ᠶᠢᠨ ᠨᠡᠮᠡᠭᠳᠡᠯ ᠤᠨ ᠬᠡᠮᠵᠢᠶ᠎ᠡ ᠶᠢ ᠪᠣᠶ ᠪᠣᠯᠭᠠᠬᠤ ᠬᠡᠷᠡᠭᠲᠡᠢ᠃ ᠭᠠᠵᠠᠷ ᠤᠨ ᠭᠦᠨ ᠳᠠᠪᠬᠤᠷᠭ᠎ᠠ ᠳᠤ ᠲᠤ ᠠᠭᠤᠷᠬᠠᠢ ᠬᠠᠶᠢᠬᠤ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠲᠦᠷᠭᠡᠪᠴᠢᠯᠡᠨ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠲᠤᠯ ᠦᠭᠡᠢ  ᠳᠡᠭᠡᠳᠥ  ᠠᠴᠢᠶᠠᠯᠠᠪᠤᠷᠢ ᠶᠢᠨ ᠡᠨᠧᠷᠭᠢ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠬᠤ ᠪᠠ ᠪᠣᠳᠠᠲᠠᠶᠢᠵᠢᠭᠤᠯᠬᠤ ᠶᠢ ᠶᠡᠬᠡᠪᠡᠷ ᠠᠬᠢᠭᠤᠯᠵᠤ᠂ 100 ᠲᠦᠮᠡᠨ ᠲᠣᠨ ᠰᠢᠨ᠎ᠡ ᠮᠠᠲ᠋ᠧᠷᠢᠶᠠᠯ ᠤᠨ ᠬᠠᠶᠢᠯᠤᠰᠢ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ᠂ ᠤᠯᠠᠭᠠᠨᠬᠠᠳᠠ   ᠠᠴᠠ  ᠪᠠᠶᠠᠠᠬᠤᠸᠠ ᠬᠦᠷᠬᠦ ᠲᠡᠮᠦᠷ ᠵᠠᠮ ᠤᠨ  ᠪᠤᠷᠤᠬᠤᠲᠠ ᠳᠠᠬᠢ ᠠᠶᠠᠨᠴᠢᠳ ᠤᠨ  ᠥᠷᠲᠡᠭᠡ᠂  ᠳ᠋ᠠᠨᠳᠦ᠋ᠩ ᠠᠴᠠ ᠰᠢᠯᠢᠨᠬᠤᠲᠠ ᠬᠦᠷᠬᠦ  ᠬᠤᠷᠳᠤᠨ ᠤ ᠵᠠᠰᠠᠮᠠᠯ ᠵᠠᠮ ᠤᠨ  ᠦᠳᠡ ᠶᠢᠨ  ᠬᠤᠸᠠ  ᠪᠠᠯᠭᠠᠰᠤᠨ ᠳᠤ   ᠨᠡᠪᠲᠡᠷᠡᠬᠦ ᠬᠠᠭᠠᠯᠭ᠎ᠠ ᠶᠢᠨ ᠪᠦᠲᠥᠭᠡᠨ ᠪᠠᠶᠢᠭᠤᠯᠤᠯᠳᠠ ᠵᠡᠷᠭᠡ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃      ᠬᠤᠷᠠᠯ ᠠᠴᠠ᠂ ᠬᠤᠷᠴᠢᠨ ᠤ ᠡᠯᠡᠰᠦᠷᠬᠡᠭ ᠭᠠᠵᠠᠷ ᠢ  ᠪᠦᠬᠦᠨ ᠢ ᠨᠤᠭᠤᠭᠠᠷᠠᠭᠤᠯᠬᠤ ᠳᠠᠶᠢᠯᠠᠯᠳᠤᠭᠠᠨ ᠢ ᠵᠠᠪᠠᠯ ᠰᠠᠶᠢᠲᠤᠷ   ᠦᠷᠨᠢᠭᠦᠯᠵᠥ᠂ ᠡᠯᠡᠰᠦ ᠶᠢ ᠰᠡᠷᠭᠡᠶᠢᠯᠡᠵᠦ  ᠵᠠᠰᠠᠬᠤ ᠠᠵᠢᠯ ᠢ  ᠠᠵᠤ ᠦᠢᠯᠡᠰ ᠪᠠ ᠠᠵᠠ ᠲᠣᠬᠢᠶᠠᠯ ᠪᠣᠯᠭᠠᠨ ᠠᠳᠬᠤᠵᠤ᠂ ︽ᠵᠠᠮ ᠢᠶᠠᠷ ᠡᠯᠡᠰᠦ ᠶᠢ ᠵᠠᠰᠠᠬᠤ᠂ ᠵᠠᠮ    ᠳᠤ  ᠲᠦᠰᠢᠭᠯᠡᠨ ᠪᠠᠶᠠᠵᠢᠬᠤ︾ ᠵᠠᠭᠪᠤᠷ ᠢ ᠦᠷᠭᠦᠯᠵᠢᠯᠡᠨ ᠥᠷᠭᠡᠳᠬᠡᠵᠦ᠂  ᠰᠢᠨ᠎ᠡ ᠪᠠᠷ ᠵᠠᠰᠠᠬᠤ ᠡᠯᠡᠰᠦ ᠶᠢ ᠲᠤᠭᠤᠯᠬᠤ ᠵᠠᠰᠠᠮᠠᠯ ᠵᠠᠮ  ᠤᠨ ᠪᠦᠲᠥᠭᠡᠨ ᠪᠠᠶᠢᠭᠤᠯᠤᠯᠳᠠ ᠶᠢ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠤᠭᠠᠴᠠᠯ ᠤᠨ ᠦᠢᠯᠡᠰ ᠤᠨ ᠬᠥᠭᠵᠢᠯᠲᠡ ᠲᠠᠢ ᠭᠦᠢᠴᠡᠳ ᠤᠶᠠᠯᠳᠤᠭᠤᠯᠵᠤ᠂ ᠡᠯᠡᠰᠦ ᠶᠢ ᠲᠤᠭᠤᠯᠬᠤ ᠵᠠᠰᠠᠮᠠᠯ ᠵᠠᠮ ᠤᠨ ᠦᠷ᠎ᠡ ᠠᠰᠢᠭ ᠢ ᠥᠷᠭᠡᠳᠬᠡᠬᠦ ᠬᠡᠷᠡᠭᠲᠡᠢ᠃ ᠡᠯᠡᠰᠦ ᠶᠢ ᠵᠠᠰᠠᠬᠤ ᠤᠯᠠᠨ ᠡᠰᠢᠴᠢᠯᠡᠭᠰᠡᠨ  ᠪᠡᠯᠡ ᠣᠷᠣᠭᠤᠯᠤᠯᠲᠠ ᠶᠢᠨ ᠲᠣᠭᠲᠠᠴᠠ ᠶᠢ  ᠲᠡᠭᠦᠯᠳᠡᠷᠵᠢᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠨᠡᠶᠢᠲᠡᠯᠢᠭ ᠬᠡᠪ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠨᠡᠩ ᠤᠯᠠᠨ ᠠᠵᠤ ᠠᠬᠤᠶᠢᠯᠠᠯ᠂ ᠨᠡᠶᠢᠭᠡᠮ ᠤᠨ ᠬᠦᠴᠦᠨ᠂ ᠮᠠᠯᠴᠢᠨ ᠲᠠᠷᠢᠶᠠᠴᠢᠨ ᠤᠯᠠᠨ ᠲᠦᠮᠡᠨ ᠢ  ᠳᠠᠶᠢᠴᠢᠯᠠᠨ ᠡᠯᠡᠰᠦᠷᠬᠡᠭ ᠭᠠᠵᠠᠷ ᠢ ᠵᠠᠰᠠᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠪᠠ ᠠᠷᠠᠳ ᠢ ᠪᠠᠶᠠᠵᠢᠭᠤᠯᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠥᠷᠭᠡᠨ ᠢᠶᠠᠷ ᠣᠷᠣᠯᠴᠠᠭᠤᠯᠵᠤ᠂ ᠡᠯᠡᠰᠦ ᠶᠢ ᠵᠠᠰᠠᠬᠤ  ᠂  ᠪᠠᠶᠠᠵᠢᠭᠤᠯᠬᠤ᠂  ᠠᠵᠤ ᠦᠢᠯᠡᠰ ᠢ ᠪᠤᠵᠠᠭᠠᠶᠢᠷᠠᠭᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ  ᠭᠡᠵᠥ ᠴᠢᠩᠭᠠᠳᠬᠠᠭᠰᠠᠨ  ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号