ᠦᠢᠯᠡᠴᠢᠯᠡᠭᠡᠨ ᠤ ᠦᠢᠯᠡᠰ ᠤᠨ ᠣᠯᠠᠨ ᠡᠰᠢᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ  ᠥᠢᠯᠡᠴᠢᠯᠡᠭᠡᠨ ᠤ ᠠᠵᠣ ᠣᠶᠢᠯᠡᠰ ᠤᠨ ᠲᠡᠰ ᠳᠡᠪᠰᠢᠬᠦ ᠶᠢ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2024/2/23
            2024 ᠣᠨ ᠳᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠣᠲᠣ ᠦᠶ᠎ᠡ   ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ   ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠦᠷᠭᠦᠯᠵᠢᠯᠡᠨ ᠬᠦᠴᠦ ᠨᠡᠮᠡᠭᠳᠡᠭᠦᠯᠵᠦ᠂ ᠭᠤᠷᠪᠠᠳᠤᠭᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ   ᠶᠢ ᠲᠦᠷᠭᠡᠳᠬᠡᠵᠦ᠂ ᠶᠠᠰᠤ ᠴᠢᠨᠠᠷ   ᠢ ᠳᠡᠭᠡᠭᠰᠢᠯᠡᠭᠦᠯᠦᠨ ᠦᠷ᠎ᠡ ᠠᠰᠢᠭ   ᠢ ᠨᠡᠮᠡᠭᠳᠡᠭᠦᠯᠬᠦ   ᠶᠢ  ᠠᠬᠢᠭᠤᠯᠣᠭᠰᠠᠨ ᠪᠠᠶᠢᠨ᠎ᠠ᠃         ᠭᠤᠣᠯ ᠪᠣᠯᠬᠤ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ 300 ᠺᠢᠯᠣᠮᠧᠲᠷ ᠤᠨ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ ᠤᠨ ᠵᠠᠮ ᠤᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠡᠬᠢᠯᠡᠭᠦᠯᠵᠦ᠂ ᠬᠤᠩᠱᠠᠨ ᠨᠠᠭᠤᠷ᠂  ᠪᠣᠮᠡᠨ   ᠮᠥᠨ ᠭᠥᠡᠵᠢᠭ ᠴᠠᠭᠠᠨ ᠡᠯᠡᠰᠦᠨ  ᠤ ᠵᠣᠭᠠᠴᠢᠯ ᠵᠡᠷᠭᠡ ᠦᠵᠡᠮᠵᠢ ᠶᠢᠨ ᠣᠷᠣᠨ  ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂  ᠬᠠᠰ ᠯᠣᠣ ᠡᠯᠡᠰᠦᠨ ᠨᠠᠭᠤᠷ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠬᠤ ᠪᠣᠯᠣᠨ᠎ᠠ᠃ ᠵᠠᠬ᠎ᠠ  ᠲᠡᠯᠭᠦᠷᠴᠢᠯᠡᠬᠦ᠂ ᠠᠷᠠᠳ ᠲᠤ ᠠᠰᠢᠭ ᠬᠦᠷᠲᠡᠭᠡᠵᠦ  ᠵᠠᠷᠴᠢᠮ ᠶᠣᠰᠣᠭᠠᠷ ᠰᠣᠶᠣᠯ ᠤᠨ ᠵᠢᠭᠤᠯᠴᠢᠯᠠᠯ ᠤᠨ ᠨᠠᠶᠢᠷ᠂ ᠡᠯᠡᠰᠦᠨ ᠴᠦᠯ ᠤᠨ ᠮᠠᠰᠢᠨ ᠲᠡᠷᠭᠡᠨ ᠤ ᠬᠡᠭᠡᠷ᠎ᠡ ᠶᠢᠨ ᠤᠷᠤᠯᠳᠤᠭᠠᠨ ᠵᠡᠷᠭᠡ ᠪᠦᠬᠦ ᠣᠷᠣᠨ ᠪᠦᠰᠡ ᠶᠢᠨ ᠳᠦᠷᠪᠡᠨ ᠤᠯᠠᠷᠢᠯ ᠤᠨ ᠰᠣᠶᠣᠯ ᠤᠨ ᠵᠢᠭᠤᠯᠴᠢᠯᠠᠯ ᠤᠨ  ᠠᠵᠢᠯᠯᠠᠭ᠎ᠠ ᠶᠢ ᠰᠠᠶᠢᠲᠤᠷ ᠬᠢᠬᠦ ᠪᠣᠯᠣᠨ᠎ᠠ᠃ ᠬᠥᠳᠡᠭᠡ ᠲᠣᠰᠬᠤᠨ ᠤ ᠵᠤᠭᠠᠴᠠᠯ᠂ ᠬᠤᠪᠢᠰᠬᠠᠯ ᠤᠨ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ᠂ ᠬᠤᠪᠢ ᠪᠠᠷ ᠢᠶᠠᠨ ᠵᠢᠯᠤᠭᠤᠳᠬᠤ ᠵᠤᠭᠠᠴᠠᠯ ᠢ ᠶᠡᠬᠡᠪᠡᠷ ᠬᠥᠭᠵᠢᠭᠦᠯᠵᠦ᠂ ︽ᠯᠣᠣ ᠭᠠᠷᠤᠳᠢ ᠶᠢᠨ ᠨᠤᠲᠤᠭ · ᠤᠶᠤᠨ ᠰᠠᠨᠠᠭᠠᠨ ᠤ ᠵᠤᠭᠠᠴᠠᠯ︾  ᠤᠨ ᠰᠣᠶᠣᠯ ᠵᠤᠭᠠᠴᠠᠯ ᠤᠨ ᠲᠦᠷᠦᠯ ᠲᠡᠮᠳᠡᠭ ᠢ ᠦᠷᠭᠦᠯᠵᠢᠯᠡᠨ  ᠬᠥᠭᠵᠢᠭᠦᠯᠬᠦ ᠪᠣᠯᠣᠨ᠎ᠠ᠃        ᠵᠢᠯ ᠤᠨ ᠳᠣᠲᠣᠷ᠎ᠠ᠂ ᠪᠥᠬᠦ ᠬᠤᠰᠢᠭᠤᠨ ᠤ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ᠂ ᠱᠧᠩ ᠵᠢᠶᠠ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠲᠤᠰᠬᠠᠢ ᠵᠠᠬ᠎ᠠ ᠳᠡᠯᠭᠡᠭᠦᠷ ᠪᠠ ᠬᠦᠢᠲᠡᠨ ᠬᠥᠮᠥᠷᠭᠡᠯᠡᠨ ᠬᠠᠳᠠᠭᠠᠯᠠᠬᠤ ᠬᠡᠯᠬᠢᠶᠡᠲᠦ ᠲᠥᠷᠥᠯ ᠵᠦᠢᠯ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂  ᠭᠠᠴᠠᠭᠠᠨ  ᠲᠠᠰ ᠤᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠴᠡᠭ ᠢ  ᠪᠥᠷᠬᠦᠭᠦᠯᠥᠨ᠎ᠡ᠃  ᠬᠤᠰᠢᠭᠤᠨ‌‍ᠤ ᠬᠡᠪᠴᠢᠶᠡᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠪᠠᠷ  ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠭᠠᠨᠬᠠᠳᠠ ᠬᠤᠲᠠ ᠳᠤ ᠦᠢᠯᠡᠴᠢᠯᠡᠬᠦ᠂ ᠥᠪᠡᠷᠲᠡᠭᠡᠨ ᠵᠠᠰᠠᠬᠤ ᠣᠷᠣᠨ ᠳᠤ ᠬᠠᠨᠳᠤᠭᠤᠯᠤᠭᠰᠠᠨ᠂ ᠪᠡᠭᠡᠵᠢᠩ ᠲᠢᠶᠠᠨᠵᠢᠨ ᠾᠧᠪᠧᠢ ᠶᠢ ᠨᠥᠯᠥᠭᠡᠯᠡᠬᠦ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠥᠬᠦ ᠬᠦᠴᠦᠨ ᠢᠶᠠᠷ ᠢᠶᠠᠨ  ᠪᠠᠶᠢᠭᠤᠯᠬᠤ ᠪᠣᠯᠣᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号