ᠳᠤᠮᠳᠠᠳᠤ ᠤᠯᠤᠰ ᠤᠨ ᠡᠪ ᠬᠠᠮᠲᠤ ᠨᠠᠮ ᠤᠨ ᠤᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ  ᠬᠤᠷᠢᠶ᠎ᠠ 103 ᠳ᠋ᠤᠭᠠᠷ  ᠤᠳᠠᠭᠠᠨ ᠤ ᠬᠤᠷᠠᠯᠳᠤᠭᠠᠨ ᠬᠢᠪᠡ
ᠨᠡᠶᠢᠲᠡᠯᠡᠭᠰᠡᠨ ᠴᠠᠭ᠄
2024/2/6
       2 ᠰᠠᠷ᠎ᠠ ᠶᠢᠨ 5᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ 103 ᠳ᠋ᠤᠭᠠᠷ ᠤᠳᠠᠭᠠᠨ ᠤ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃  ᠮᠦᠩᠬᠡ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠦ᠋᠂ ᠸᠠᠩ ᠵᠢᠶᠦ᠋ᠨ ᠵᠢᠶᠦ᠋ᠨ᠂  ᠬᠤ᠋  ᠹᠧᠩ ᠶᠠᠨ᠂  ᠭᠧᠩ ᠸᠧᠢ ᠳ᠋ᠦᠩ᠂ ᠵᠦ ᠴᠦᠨ ᠶᠦᠩ᠂ ᠵᠠᠩ ᠵᠢᠦ  ᠫᠦᠸᠧ ᠬᠤᠷᠠᠯ ᠳᠤ ᠣᠷᠣᠯᠴᠠᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠢ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠰᠤᠯᠠ ᠣᠷᠣᠯᠴᠠᠪᠠ᠃       ᠬᠤᠷᠠᠯ  ᠎ ᠠᠴᠠ ᠣᠶᠢᠷ᠎ᠠ  ᠎ ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠢ ᠱᠦᠵᠢ  ᠎ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ  ᠎ ᠶᠢᠨ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ  ᠎ ᠶᠢᠨ ᠴᠢᠬᠤᠯᠠ ᠬᠤᠷᠠᠯ᠂ ᠴᠢᠬᠤᠯᠠ ᠮᠡᠳᠡᠭᠳᠡᠯ ᠤᠨ ᠵᠣᠷᠢᠭ ᠰᠠᠨᠠᠭ᠎ᠠ  ᠎ ᠶᠢ ᠰᠤᠷᠤᠯᠴᠠᠨ  ᠳᠤᠭᠤᠰᠢᠯᠠᠭᠤᠯᠪᠠ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾᠂ ᠪᠤᠯᠤᠨ ︽ᠣᠩᠨᠢᠭᠤᠳ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ  ᠳᠤᠭᠤᠰᠢᠯᠠᠭᠤᠯᠬᠤ ᠠᠵᠢᠯ ᠤᠨ ᠡᠭᠦᠷᠭᠡ ᠶᠢᠨ ᠨᠠᠷᠢᠨ ᠳᠠᠩᠰᠠ︾᠎ ᠶᠢ ᠬᠢᠨᠠᠨ ᠵᠥᠪᠯᠡᠵᠦ ᠪᠠᠲᠤᠯᠠᠪᠠ︔ ᠬᠤᠷᠠᠯ  ᠎ ᠠᠴᠠ 2024 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠲᠡᠳᠬᠦᠨ ᠬᠥᠭᠵᠢᠭᠦᠯᠬᠦ ᠪᠠᠷ ᠮᠡᠳᠡᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠳᠤ ᠰᠠᠭᠤᠭ᠎ᠠ ᠺᠠᠳ᠋ᠷᠴᠤᠳ ᠤᠨ 2023 ᠣᠨ ᠤ ᠳᠥᠷᠪᠡᠳᠦᠭᠡᠷ ᠤᠯᠠᠷᠢᠯ ᠤᠨ ᠬᠢᠨᠠᠨ ᠰᠢᠯᠭᠠᠯᠲᠠ ᠪᠠ ᠣᠨ ᠤ ᠬᠢᠨᠠᠨ ᠰᠢᠯᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠬᠡᠰᠡᠭ ᠠᠯᠪᠠᠲᠠᠨ ᠤ ᠲᠤᠰᠢᠶᠠᠯ ᠤᠨ ᠲᠠᠰ ᠢ ᠳᠡᠪᠰᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠪᠠᠲᠤᠯᠠᠪᠠ᠃       ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ  ᠠᠳᠬᠤᠬᠤ ᠬᠡᠷᠡᠭᠳᠡᠢ᠃  ᠠᠮᠢᠳᠤᠷᠠᠯ ᠨᠢ ᠬᠦᠴᠢᠷ ᠲᠠᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠴᠠᠰᠤ ᠰᠢᠭᠤᠷᠭᠠᠨ  ᠬᠠᠬᠢᠷ ᠬᠦᠢᠲᠡᠨ ᠠᠭᠤᠷ ᠠᠮᠢᠰᠬᠤᠯ ᠢ ᠰᠡᠷᠭᠡᠶᠢᠯᠡᠨ ᠠᠷᠭᠠᠴᠠᠬᠤ ᠶᠢ ᠴᠢᠩᠭᠠᠳᠬᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠷᠠᠳ ᠣᠯᠠᠨ ᠤ ᠪᠠᠶᠠᠷ ᠵᠢᠷᠭᠠᠯ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠦᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠎ ᠢ ᠴᠠᠭ ᠢᠮᠠᠭᠲᠠ  ᠴᠢᠩᠭᠠᠳᠬᠠᠵᠤ᠂ ᠦᠨᠳᠦᠰᠦᠨ ᠱᠠᠲᠤᠨ ᠳᠤ ᠭᠤᠣᠯᠳᠠᠯᠭ᠎ᠠ ᠪᠠᠨ  ᠲᠠᠯᠪᠢᠨ᠂ ᠵᠠᠩᠭᠢᠯᠠᠭ᠎ᠠ ᠪᠠᠨ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠲᠠᠯᠪᠢᠬᠤ ᠬᠡᠷᠡᠭᠳᠡᠢ᠃   ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠠᠷᠢᠭᠤᠴᠠᠬᠤ︾ ᠪᠠ ︽ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠬᠡᠷᠡᠭᠳᠡᠢ᠃  ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠶ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ  ᠬᠢᠨᠠᠨ  ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠦᠨᠡᠨᠬᠦ ᠠᠵᠢᠯ ᠤᠨ ᠪᠠᠶᠢᠷᠢ᠂  ᠬᠦᠮᠥᠨ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ  ᠡᠬᠢᠨ ᠠᠴᠠ ᠲᠠᠭᠤᠰᠳᠠᠯ᠎ᠠ ᠰᠠᠶᠢᠲᠤᠷ ᠬᠢᠬᠦ ᠬᠡᠷᠡᠭᠲᠡᠢ  ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂  ᠬᠦᠭᠵᠢᠯᠳᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠵᠡᠭᠦᠨ ᠬᠡᠰᠡᠭ ᠤᠨ ᠭᠠᠵᠠᠷ ᠣᠷᠣᠨ ᠤ ᠡᠯᠡᠰᠦ ᠶᠢ ᠵᠠᠰᠠᠬᠤ᠂ ᠪᠠᠷᠠᠭᠤᠨ ᠬᠡᠰᠡᠭ ᠤᠨ ᠭᠠᠵᠠᠷ ᠣᠷᠣᠨ ᠤ ᠬᠥᠷᠥᠰᠥ ᠰᠢᠷᠣᠢ ᠶᠢ ᠵᠠᠰᠠᠬᠤ᠂ ᠳᠤᠮᠳᠠ ᠬᠡᠰᠡᠭ ᠤᠨ ᠭᠠᠵᠠᠷ ᠣᠷᠣᠨ ᠤ ᠬᠦᠷᠢᠶᠡᠯᠡᠩ ᠲᠣᠭᠤᠷᠢᠭ ᠢ ᠠᠳᠬᠤᠬᠤ᠂ ᠪᠦᠬᠦ ᠣᠷᠣᠨ ᠪᠦᠰᠡ ᠶᠢᠨ ᠵᠤᠭᠠᠴᠠᠯ ᠬᠢᠬᠦ︾ ᠪᠣᠳᠠᠲᠠᠢ ᠦᠢᠯᠡᠳᠦᠯᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠪᠠᠷᠢᠮᠲᠠᠯᠠᠵᠤ᠂ ᠲᠣᠭᠲᠠᠴᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠠᠵᠤ ᠦᠢᠯᠡᠰ ᠪᠠ ᠠᠵᠠ ᠲᠣᠬᠢᠶᠠᠯ ᠪᠣᠯᠭᠠᠨ ᠠᠳᠬᠤᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ︽ᠠᠵᠤ ᠦᠢᠯᠡᠳᠪᠦᠷᠢ ᠶᠢ ᠶᠡᠭᠡ ᠪᠠᠷ ᠠᠳᠬᠤᠬᠤ᠂ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ ︾  ᠤᠬᠠᠭᠳᠠᠬᠤᠨ ᠢ ᠪᠠᠷᠢᠮᠲᠠᠯᠠᠵᠤ᠂ ᠨᠢᠭᠡᠳᠦᠭᠡᠷ ᠠᠵᠤ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠵᠦ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠢᠯᠡᠰ ᠢ ᠠᠮᠢᠳᠤᠯᠢᠭ ᠪᠤᠯᠭᠠᠬᠤ ᠬᠡᠷᠡᠭᠳᠡᠢ᠃  ᠰᠢᠨ᠎ᠡ ᠡᠨᠧᠷᠭᠢ ᠶᠢᠨ ᠰᠤᠷᠪᠤᠯᠵᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠪᠠ ᠬᠤᠪᠢᠷᠠᠭᠤᠯᠤᠨ ᠠᠰᠢᠭᠯᠠᠬᠤ᠂ ᠠᠭᠤᠷᠬᠠᠢ ᠶᠢᠨ ᠠᠵᠤ ᠠᠬᠤᠢ᠂ ᠲᠠᠷᠢᠶᠠᠯᠠᠩ  ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ  ᠪᠠᠷ ᠬᠦᠴᠦ ᠪᠠᠨ ᠲᠥᠪᠯᠡᠷᠡᠭᠦᠯᠦᠨ ᠪᠣᠭᠤᠮᠲᠠ  ᠶᠢ ᠰᠢᠪᠲᠤᠯᠵᠤ᠂  ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠶᠡᠬᠡᠪᠡᠷ ᠬᠦᠭᠵᠢᠭᠦᠯᠬᠦ ᠬᠡᠷᠡᠭᠳᠡᠢ᠃ ᠮᠠᠯ ᠠᠵᠤ ᠠᠬᠤᠢ ᠶᠢᠨ︽ᠴᠥᠭᠡᠨ ᠲᠡᠵᠢᠭᠡᠵᠦ ᠨᠠᠷᠢᠯᠢᠭ ᠲᠡᠵᠢᠭᠡᠨ ᠲᠥᠪᠯᠡᠷᠡᠭᠦᠯᠦᠨ ᠲᠡᠵᠢᠭᠡᠬᠦ︾ ᠴᠢᠨᠠᠷ ᠰᠠᠶᠢᠲᠠᠢ ᠬᠡᠯᠪᠡᠷᠢ ᠲᠡᠰᠢ ᠬᠤᠪᠢᠷᠠᠭᠤᠯᠤᠨ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠣᠷᠣᠨ ᠪᠦᠰᠡ ᠶᠢᠨ ᠳᠦᠷᠪᠡᠨ ᠤᠯᠠᠷᠢᠯ ᠤᠨ ᠵᠤᠭᠠᠴᠠᠯ ᠤᠨ ᠠᠵᠢᠯ ᠢ ᠦᠷᠭᠦᠯᠵᠢᠯᠡᠨ ᠠᠮᠢᠳᠤᠯᠢᠭ  ᠪᠤᠯᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ  ᠺᠠᠲᠠᠷᠴᠤᠳ ᠠᠶᠤᠯ ᠲᠦᠭᠰᠢᠭᠦᠷᠢ ᠶᠢᠨ ᠤᠬᠠᠮᠰᠠᠷ ᠂ ᠬᠥᠭᠵᠢᠯᠲᠡ ᠶᠢᠨ ᠤᠬᠠᠮᠰᠠᠷ ᠢᠶᠠᠨ ᠴᠢᠩᠭᠠᠳᠬᠠᠵᠤ᠂  ᠢᠷᠡᠬᠦ ᠬᠠᠪᠤᠷ ᠎ ᠢ ᠤᠭᠲᠤᠨ᠂ ᠢᠯᠡᠭᠦᠬᠡᠨ ᠠᠷᠭ᠎ᠠ ᠤᠬᠠᠭᠠᠨ ᠪᠣᠳᠣᠯᠬᠢᠯᠠᠵᠣ᠂ ᠬᠦᠭᠢᠯᠳᠡ ᠶᠢᠨ ᠵᠠᠮ ᠢᠶᠠᠨ ᠰᠤᠩᠭᠤᠬᠤ ᠬᠡᠷᠡᠭᠳᠡᠢ᠃  ᠬᠠᠷᠠᠯᠲᠠ ᠪᠠᠨ ᠳᠤᠭᠳᠠᠭᠠᠮᠠᠭᠴᠠ  ᠡᠷᠡᠰ ᠰᠢᠭᠤᠷᠬᠠᠢ ᠠᠵᠢᠯᠯᠠᠨ  ᠡᠬᠢᠯᠡᠵᠥ᠂  ᠶᠠᠭᠠᠬᠢᠵᠤ ᠪᠦᠲᠥᠮᠵᠢᠳᠡᠢ ᠪᠡᠶᠡᠯᠡᠭᠦᠯᠬᠦ ᠎ ᠶᠢ ᠢᠯᠡᠭᠦᠬᠡᠨ ᠰᠡᠳᠬᠢᠵᠥ ᠬᠡᠷᠡᠭᠲᠡᠢ᠃ ᠡᠩ ᠤᠨ ᠠᠵᠢᠯ ᠤᠨ ᠰᠠᠭᠤᠷᠢ ᠶᠢ ᠲᠡᠰ ᠳᠡᠪᠰᠢᠭᠦᠯᠵᠦ᠂ ᠭᠤᠣᠯᠳᠠᠯᠭ᠎ᠠ ᠲᠠᠢ ᠠᠵᠢᠯ ᠤᠨ ᠰᠢᠪᠲᠤᠯᠤᠯᠲᠠ ᠶᠢ ᠴᠢᠩᠭ᠎ᠠ ᠠᠩᠬᠠᠷᠴᠤ᠂ ᠬᠤᠷᠳᠤᠨ ᠮᠣᠷᠢᠨ ᠳᠤ ᠲᠠᠰᠢᠭᠤᠷ  ᠨᠡᠮᠡᠨ ᠡᠮᠥᠨ᠎ᠡ ᠡᠩᠨᠡᠭᠡᠨ ᠎ ᠳᠤ ᠬᠤᠰᠢᠭᠤᠷᠠᠬᠤ  ᠬᠠᠳᠠᠭᠤ ᠪᠤᠳᠤᠯ ᠢᠶᠠᠷ ᠦᠢᠯᠡᠰ ᠪᠣᠰᠬᠠᠬᠤ  ᠬᠤᠷᠳᠤᠴᠠ ᠪᠠᠨ ᠲᠦᠷᠭᠡᠳᠬᠡᠬᠦ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号