ᠮᠥᠩᠬᠡ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/6
       2 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ᠂ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷ ᠪᠣᠯᠣᠨ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠺᠠᠳ᠋ᠷ ᠠᠵᠢᠯᠲᠠᠳ ᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ  ᠮᠡᠨᠳᠥᠴᠢᠯᠡᠯ ᠢ ᠤᠷᠢᠳᠴᠢᠯᠠᠨ ᠳᠡᠪᠰᠢᠭᠦᠯᠪᠡ᠃        ᠰᠢᠨᠡᠰᠦ᠋ᠮ᠎ᠡ ᠰᠤᠮᠤᠨ ᠳᠤ ᠮᠥᠩᠬᠡ ᠤᠷᠢᠳ ᠬᠤᠵᠢᠳ ᠮᠠᠯᠴᠢᠨ ᠪᠦᠷᠢᠨᠴᠣᠭᠲᠤ ᠪᠣᠯᠣᠨ ᠳᠡᠭᠦᠥᠳᠠᠭᠤᠯᠠ ᠶᠢᠨ ᠭᠡᠷ ᠲᠤ ᠬᠦᠷᠴᠦ᠂  ᠳᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠬᠠᠯᠠᠮᠵᠢᠯᠠᠨ  ᠠᠰᠠᠭᠤᠬᠤ ᠶᠢᠨ ᠬᠠᠮᠲᠤ  ᠬᠠᠮᠢᠶ᠎ᠠ ᠪᠦᠬᠦᠢ ᠰᠠᠯᠠᠭ᠎ᠠ ᠮᠦᠴᠢᠷ   ᠨᠢ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ᠂ ᠠᠷᠠᠳ ᠤᠨ  ᠬᠦᠴᠢᠷ ᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠳᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ  ᠱᠠᠭᠠᠷᠳᠠᠪᠠ᠃        ᠽᠢ ᠴᠧᠩ  ᠵᠡᠭᠡᠯᠢ ᠭᠤᠳᠤᠮᠵᠢ ᠶᠢᠨ ᠾᠧᠨᠠᠨ ᠨᠡᠶᠢᠭᠡᠮ ᠲᠣᠭᠤᠷᠢᠭ  ᠲᠤ  ᠂ ᠮᠦᠩᠬᠡ  ᠬᠤᠲᠠ ᠲᠤᠭᠤᠷᠢᠭ ᠤᠨ ᠬᠦᠴᠢᠷ ᠲᠠᠢ  ᠠᠵᠢᠯᠲᠠᠨ  ᠸᠠᠩ  ᠸᠧᠨ ᠮᠢᠨ ᠪᠣᠯᠣᠨ ᠸᠠᠩ ᠶᠠᠨ ᠪᠥᠸᠧ ᠶᠢ ᠲᠤᠬᠤᠨᠢᠭᠤᠯᠬᠤ  ᠳᠠᠭᠠᠨ᠂  ᠲᠡᠳᠡᠨ ᠤ ᠡᠷᠡᠭᠦᠯ ᠮᠡᠨᠳᠤ  ᠶᠢᠨ ᠪᠠᠶᠢᠳᠠᠯ᠂  ᠦᠷ᠎ᠡ ᠬᠡᠦᠬᠡᠳ ᠤᠨ ᠬᠢᠨ ᠠᠵᠢᠯ  ᠤᠯᠤᠭᠰᠠᠨ  ᠪᠠᠶᠢᠳᠠᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ᠂ ᠬᠦᠴᠢᠷᠳᠡᠯᠲᠡᠢ ᠤᠯᠠᠨ ᠲᠦᠮᠡᠨ  ᠢ ᠴᠠᠭ ᠢᠮᠠᠭᠲᠠ  ᠬᠠᠯᠠᠮᠵᠢᠯᠠᠵᠤ᠂  ᠲᠡᠳᠡᠨ ᠤ ᠪᠠᠴᠢᠮ  ᠲᠤᠯᠭᠠᠮ ᠰᠢᠢᠳᠪᠥᠷᠢᠯᠡᠬᠦ ᠴᠢᠬᠤᠯᠠ ᠲᠠᠢ  ᠠᠰᠠᠭᠤᠳᠠᠯ ᠢ ᠳᠠᠷᠤᠶᠢᠬᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠬᠤᠷᠢᠭ᠎ᠠ ᠱᠤᠭᠤᠮ ᠢ ᠪᠠᠲᠤ  ᠰᠠᠬᠢᠬᠤ ᠬᠡᠷᠡᠭᠳᠡᠢ ᠭᠡᠰᠡᠨ ᠪᠠᠶᠢᠨ᠎ᠠ᠃        ᠠᠬᠠᠮᠠᠳ ᠺᠠᠳ᠋ᠷ  ᠪᠠᠶᠠᠨᠮᠦ᠋ᠩᠬᠡ᠂ ᠵᠦ ᠱᠣᠸ ᠰᠢᠶᠠᠨ ᠤ ᠭᠡᠷ ᠲᠤ᠂ ᠮᠥᠩᠬᠡ ᠠᠬᠠᠮᠠᠳ ᠺᠠᠳ᠋ᠷᠴᠤᠳ ᠲᠠᠢ ᠰᠠᠨᠠᠭ᠎ᠠ ᠪᠤᠳᠤᠯ ᠢᠶᠠᠨ ᠰᠣᠯᠢᠯᠴᠠᠵᠤ᠂ 2023 ᠣᠨ ᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠲᠠᠨᠢᠯᠴᠠᠭᠤᠯᠵᠤ᠂  ᠲᠡᠳᠡᠨᠠᠷ ᠤᠨ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ  ᠬᠤᠪᠢ ᠨᠡᠮᠡᠷᠢ ᠦᠵᠡᠭᠦᠯᠦᠭᠰᠡᠨ ᠳᠤ  ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ  ᠠᠬᠠᠮᠠᠳ ᠨᠥᠬᠦᠳ   ᠤᠨ ᠥᠩᠭᠡᠷᠡᠭᠰᠡᠨ ᠲᠠᠢ ᠪᠠᠨ ᠠᠳᠠᠯᠢ  ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠ᠊ ‍ᠨ ᠭᠠᠷᠭᠠᠬᠤ ᠶᠢ  ᠬᠦᠰᠡᠭᠰᠡᠨ ᠪᠠᠶᠢᠨ᠎ᠠ᠃        ᠮᠥᠩᠬᠡ ᠪᠠᠰᠠ ᠤᠷᠢᠳ ᠬᠤᠵᠢᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠡᠭᠡ ᠠᠩᠭᠢ ᠪᠣᠯᠣᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠣᠷᠴᠢᠨ ᠲᠣᠭᠤᠷᠢᠨ ᠤ  ᠴᠡᠪᠡᠷᠯᠡᠭᠡ ᠶᠢᠨ ᠠᠵᠢᠯᠴᠢᠨ᠂ ᠭᠠᠯ ᠤᠨᠲᠠᠷᠠᠭᠠᠬᠤ ᠪᠠᠶᠢᠯᠳᠤᠭᠴᠢ ᠪᠣᠯᠣᠨ ᠥᠷᠭᠡᠨ ᠣᠯᠠᠨ ᠡᠮᠨᠡᠯᠭᠡ ᠶᠢᠨ ᠠᠵᠢᠯᠲᠠᠳ ᠲᠤ ᠴᠠᠭᠠᠨ ᠰᠠᠷ᠎ᠠ ᠶᠢᠨ ᠮᠡᠨᠳᠥᠴᠢᠯᠡᠯ ᠬᠦᠷᠭᠡᠬᠦ ᠶᠢᠨ ᠬᠠᠮᠲᠤ ᠪᠥᠬᠦ ᠬᠤᠰᠢᠭᠤᠨ ᠤ ᠡᠯ᠎ᠡ ᠹᠷᠣᠨᠲ  ᠲᠤ ᠭᠠᠪᠰᠢᠭᠠᠶᠢᠯᠠᠵᠤ ᠪᠠᠶᠢᠭ᠎ᠠ  ᠬᠦᠳᠡᠯᠮᠥᠷᠢᠴᠢᠨ ᠲᠦᠮᠡᠨ ᠳᠤ  ᠴᠠᠭᠠᠨ ᠰᠠᠷ᠎ᠠ ᠶᠢᠨ  ᠮᠡᠨᠳᠥᠴᠢᠯᠡᠯ ᠢ ᠤᠷᠢᠳᠴᠢᠯᠡᠨ ᠲᠠᠪᠰᠢᠭᠦᠯᠥᠭᠰᠡᠨ ᠪᠠᠶᠢᠨ᠎ᠠ᠃ ᠲᠡᠷᠡ ᠪᠠᠰᠠ ᠶᠠᠷᠢᠶᠠᠨ ᠳᠠᠭᠠᠨ ᠤᠯᠠᠨ ᠢᠶᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠥᠭᠵᠢᠯᠲᠡ ᠶᠢ ᠠᠬᠢᠭᠤᠯᠬᠤ᠂ ᠡᠷᠡᠭᠦᠯ ᠮᠡᠨᠳᠤ ᠶᠢ ᠬᠠᠮᠠᠭᠠᠯᠠᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠠᠮᠤᠷ ᠠᠮᠤᠭᠤᠯᠠᠩ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠶᠢ  ᠬᠦᠰᠡᠨ ᠱᠠᠭᠠᠷᠳᠠᠭᠰᠠᠨ ᠪᠠᠶᠢᠨ᠎ᠠ᠃  
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号