ᠮᠠᠨ ᠤ  ᠬᠤᠰᠢᠭᠤ  ᠴᠡᠷᠢᠭ  ᠲᠤ ᠤᠷᠤᠭᠰᠠᠳ ᠢᠶᠠᠨ ᠮᠣᠷᠳᠠᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/19
          3 ᠰᠠᠷ᠎ᠠ ᠶᠢᠨ 18 ᠤ ᠡᠳᠦᠷ᠂   ᠮᠠᠨ ᠤ ᠬᠤᠰᠢᠭᠤᠨ ᠤ ︽ᠴᠡᠷᠢᠭ   ᠲᠤ ᠣᠷᠣᠬᠤ ᠬᠦᠰᠡᠯ   ᠢᠶᠠᠨ ᠪᠡᠶᠡᠯᠡᠭᠦᠯᠵᠥ ᠰᠢᠨ᠎ᠡ ᠠᠶᠠᠨ  ᠳᠤ ᠮᠣᠷᠳᠠᠬᠤ︾ 2024 ᠣᠨ ᠤ ᠳᠡᠭᠡᠷ᠎ᠡ ᠬᠠᠭᠠᠰ ᠵᠢᠯ ᠳᠤ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠵᠢᠴᠢ ᠪᠠᠶᠠᠷ ᠤᠨ ᠮᠡᠳᠡᠭᠡ ᠬᠦᠷᠭᠡᠵᠦ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠬᠤᠰᠢᠭᠤᠨ ᠤ ᠤᠷᠠᠨ ᠰᠠᠶᠢᠬᠠᠨ ᠤ ᠲᠣᠭᠯᠠᠯᠲᠠ ᠶᠢᠨ ᠲᠥᠪ ᠲᠤ ᠶᠠᠪᠤᠭᠳᠠᠪᠠ᠃  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠶᠠ ᠵᠢᠶᠦ᠋ᠨ᠂ ᠬᠤᠰᠢᠭᠤᠨ ᠳᠡᠳ᠋ ᠳᠠᠷᠤᠭ᠎ᠠ ᠸᠠᠩ ᠶᠦᠩ ᠯᠢ ᠦᠳᠡᠨ ᠮᠣᠷᠳᠠᠭᠤᠯᠬᠤ ᠠᠵᠢᠯᠯᠠᠭ᠎ᠠ ᠳᠤ ᠣᠷᠣᠯᠴᠠᠭᠰᠠᠨ ᠪᠥᠭᠡᠳ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ 19 ᠴᠡᠷᠢᠭ ᠤᠨ ᠭᠡᠷ ᠪᠦᠯᠢ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ  ᠬᠦᠷᠭᠡᠨ ᠲᠣᠬᠤᠨᠢᠭᠤᠯᠬᠤ ᠮᠥᠩᠭᠦ ᠭᠠᠷᠳᠠᠭᠤᠯᠪᠠ᠃        ᠬᠤᠰᠢᠭᠤᠨ ᠳᠡᠳ᠋ ᠳᠠᠷᠤᠭ᠎ᠠ ᠸᠠᠩ ᠶᠦᠩ ᠯᠢ  ᠶᠠᠷᠢᠶᠠᠨ ᠳᠠᠭᠠᠨ  ᠴᠡᠷᠢᠭ ᠲᠤ  ᠮᠣᠷᠳᠠᠬᠤ  ᠭᠡᠵᠥ ᠪᠠᠶᠢᠭ᠎ᠠ 48 ᠨᠡᠷ᠎ᠡ ᠰᠢᠯᠢᠳᠡᠭ ᠵᠠᠯᠠᠭᠤᠴᠤᠳ ᠳᠠᠭᠠᠨ  ᠪᠠᠶᠠᠷ ᠬᠦᠷᠭᠡᠬᠦ ᠶᠢᠨ ᠬᠠᠮᠲᠤ ᠳᠡᠳᠡᠨᠠᠷ ᠢ ᠨᠤᠲᠤᠭ ᠤᠰᠤᠨ ᠤ ᠪᠠᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠴᠡᠷᠢᠭ ᠲᠤ ᠣᠷᠣᠵᠤ ᠤᠯᠤᠰ ᠤᠷᠤᠨ ᠤ ᠪᠠᠨ ᠲᠥᠯᠥᠭᠡ ᠵᠢᠳᠬᠦᠬᠦ ᠠᠯᠤᠰ ᠬᠡᠳᠦ ᠶᠢᠨ ᠬᠦᠰᠡᠯ ᠵᠣᠷᠢᠯᠲᠠ ᠶᠢ   ᠪᠠᠨ  ᠪᠠᠬᠢᠵᠡᠭᠦᠯᠥᠨ᠂  ᠴᠡᠷᠢᠭ ᠤᠨ ᠬᠥᠮᠥᠨ ᠤ ᠢᠷᠠᠭᠤ ᠠᠯᠳᠠᠷ ᠢ ᠨᠠᠨᠳᠢᠩᠨᠠᠵᠤ᠂ ᠴᠡᠷᠢᠭ ᠠᠩᠭᠢ ᠶᠢᠨ ᠰᠠᠬᠢᠯᠭ᠎ᠠ ᠪᠠᠲᠤ ᠶᠢ ᠵᠢᠷᠤᠮᠯᠠᠨ᠂ ᠡᠷᠳᠡᠮ ᠴᠢᠳᠠᠪᠤᠷᠢ ᠪᠠᠷ ᠪᠡᠶ᠎ᠡ ᠪᠠᠨ ᠵᠡᠪᠰᠡᠭᠯᠡᠵᠥ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ  ᠬᠦᠰᠡᠨ ᠱᠠᠭᠠᠷᠳᠠᠭᠰᠠᠨ ᠪᠠᠶᠢᠨ᠎ᠠ᠃       ᠰᠢᠨ᠎ᠡ ᠴᠡᠷᠢᠭ ᠤᠨ ᠲᠥᠯᠥᠭᠡᠯᠡᠭᠴᠢ   ᠠᠴᠠ ᠵᠤᠷᠢᠭ ᠪᠠᠨ ᠢᠯᠡᠳᠭᠡᠬᠦ ᠦᠭᠡ ᠶᠠᠷᠢᠪᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号