ᠮᠠᠨ ᠤ ᠬᠤᠰᠢᠭᠤ 20 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/3/19
        3 ᠰᠠᠷ᠎ᠠ ᠶᠢᠨ 18 ᠤ ᠡᠳᠦᠷ᠂  ᠪᠥᠬᠦ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂  5 ᠳ᠋ᠦᠩᠰᠢᠭᠤᠷ ᠲᠥᠭᠦᠷᠢᠭ ᠤᠨ ᠪᠡᠯᠡ  ᠤᠷᠤᠭᠤᠯᠤᠨ᠂ 20 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 4 ᠰᠠᠷ᠎ᠠ ᠳᠤ ᠪᠦᠬᠦᠨ ᠢ  ᠳᠡᠭᠰᠢᠯᠡᠵᠥ ᠡᠬᠢᠯᠡᠭᠦᠯᠬᠦ ᠪᠠᠷ ᠲᠤᠭᠳᠠᠭᠰᠠᠨ ᠪᠠᠶᠢᠨ᠎ᠠ᠃        ᠡᠨᠡ ᠵᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠠᠩᠬ᠎ᠠ ᠤᠳᠠᠭ᠎ᠠ ︽EPC︾ ᠢᠨᠵᠧᠨᠧᠷᠢᠩ ᠤᠨ ᠶᠡᠷᠦᠩᠬᠡᠢ ᠳᠠᠭᠠᠭᠠᠴᠢᠯᠠᠯᠲᠠ ᠶᠢᠨ ᠵᠠᠭᠪᠤᠷ ᠢ ᠬᠡᠷᠡᠭᠵᠢᠭᠦᠯᠵᠦ᠂ ᠦᠨᠳᠥᠷ ᠪᠠᠷᠢᠮᠵᠢᠶᠠᠳᠤ ᠬᠠᠭᠤᠷᠠᠢ ᠲᠠᠷᠢᠶᠠᠯᠠᠭ᠎ᠠ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ᠂ ᠤᠤᠯ ᠤᠨ ᠬᠡᠷᠡᠭᠵᠢᠭᠦᠯᠵᠥ ᠪᠠᠶᠢᠭᠰᠠᠨ ︽ᠬᠥᠲᠥᠯ ᠢ ᠱᠠᠲᠤ ᠪᠣᠯᠭᠠᠨ ᠥᠭᠡᠷᠡᠴᠢᠯᠡᠬᠦ︾᠂ ᠲᠠᠷᠢᠶᠠᠨ ᠵᠠᠮ ᠵᠡᠷᠭᠡ ᠢᠨᠵᠧᠨᠧᠷᠢᠩ ᠠᠴᠠ ᠭᠠᠳᠠᠨ᠎ᠠ ᠪᠠᠰᠠ ︽ᠪᠣᠷᠣᠭᠠᠨ ᠤ ᠤᠰᠤ ᠶᠢ ᠬᠤᠷᠠᠮᠳᠤᠭᠤᠯᠤᠨ ᠤᠰᠤᠯᠠᠯᠲᠠ ᠶᠢ ᠨᠥᠬᠦᠪᠦᠷᠢᠯᠡᠬᠦ︾ ᠢᠨᠵᠧᠨᠧᠷᠢᠩ ᠢ  ᠨᠡᠮᠡᠪᠡ  ᠃ ᠣᠳᠣᠬᠠᠨ ᠳᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠢ ᠨᠢᠭᠡᠨᠲᠡ ᠪᠡᠶᠡᠯᠡᠭᠦᠯᠦᠭᠰᠡᠨ ᠪᠥᠭᠡᠳ ᠵᠢᠷᠤᠵᠤ ᠲᠥᠯᠥᠪᠯᠡᠬᠦ ᠨᠢᠭᠡᠴᠡ ᠴᠦ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢ ᠦᠨᠳᠦᠰᠦᠨ ᠳᠡᠭᠡᠨ ᠪᠡᠶᠡᠯᠡᠭᠦᠯᠵᠦ᠂ 3 ᠰᠠᠷ᠎ᠠ ᠶᠢᠨ ᠰᠡᠭᠦᠯᠴᠢ ᠠᠴᠠ ᠡᠮᠦᠨ᠎ᠡ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠪᠠᠨ ᠲᠤᠰᠢᠶᠠᠵᠤ ᠵᠥᠪᠰᠢᠶᠡᠷᠡᠯ ᠣᠯᠬᠤ ᠪᠠᠷ ᠵᠢᠱᠢᠵᠦ ᠪᠣᠶ᠃        ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠦᠭᠦᠳ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠶᠠᠰᠤ ᠴᠢᠨᠠᠷ   ᠢ   ᠴᠢᠩᠭ᠎ᠠ ᠠᠳᠬᠤᠨ᠂ ᠲᠥᠷᠥᠯ ᠵᠦᠢᠯ   ᠤᠨ  ᠡᠯ᠎ᠡ ᠵᠦᠢᠯ ᠤᠨ ᠪᠡᠯᠡᠳᠬᠡᠯ ᠠᠵᠢᠯ   ᠢ  ᠰᠠᠶᠢᠲᠤᠷ ᠬᠢᠵᠦ᠂ ᠣᠷᠣᠰᠢᠵᠤ ᠪᠠᠶᠢᠭ᠎ᠠ ᠠᠰᠠᠭᠤᠳᠠᠯ   ᠢ ᠴᠠᠭ ᠲᠤᠬᠠᠢ ᠲᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠥ ᠱᠠᠭᠠᠷᠳᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号