ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ  ᠪᠠᠶᠢᠴᠠᠭᠠᠯᠳᠠ‌‍ᠬᠢᠪᠡ
ᠨᠡᠶᠢᠲᠡᠯᠡᠭᠰᠡᠨ ᠴᠠᠭ᠄
2024/3/20
       3 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ  ᠮᠦᠩᠬᠡᠳᠠᠯᠠᠢ  ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ  ᠳᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠢᠦᠢ ᠲᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠳᠡᠳ᠋ ᠡᠷᠭᠢᠯᠡᠭᠴᠢ ᠣᠳᠣᠨᠴᠢᠮᠡᠭ᠂ ᠬᠤᠰᠢᠭᠤᠨ ᠳᠡᠳ᠋ ᠳᠠᠷᠤᠭ᠎ᠠ  ᠳᠤᠪᠳᠤᠨᠰᠡᠩᠭᠡ ᠪᠠᠷ᠎ᠠ ᠪᠣᠯᠵᠤ ᠪᠠᠶᠢᠴᠠᠭᠠᠪᠠ᠃       ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ  ᠪᠣᠷᠣᠬᠤᠲᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠣᠩᠨᠢᠭᠤᠳ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂  ᠦᠳᠡ ᠶᠢᠨ ᠬᠤᠸᠠ ᠪᠠᠯᠭᠠᠰᠤᠨ ᠤ ᠲᠣᠮᠢᠯᠠᠭᠰᠠᠨ ᠰᠠᠯᠪᠤᠷᠢ᠂ ᠠᠨ ᠴᠢ ᠢᠰᠬᠡᠭᠦᠷ ᠤᠨ ᠤᠯᠠᠭᠠᠨᠬᠠᠳᠠ  ᠳᠠᠬᠢ ᠬᠢᠵᠠᠭᠠᠷᠲᠤ ᠺᠣᠮᠫᠠᠨᠢ ᠵᠡᠷᠭᠡ ᠭᠠᠵᠠᠷ ᠲᠤ  ᠬᠦᠷᠴᠥ  ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠡᠮᠴᠢᠯᠡᠭᠡᠨ ᠤ ᠦᠢᠯᠡᠴᠢᠯᠡᠭᠡ ᠪᠠ ᠡᠷᠡᠭᠦᠯ ᠬᠠᠮᠠᠭᠠᠯᠠᠯ ᠡᠷᠡᠭᠦᠯᠵᠢᠯ᠂  ᠠᠷᠠᠯᠵᠢᠶ᠎ᠠ‌ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠤᠶᠢᠯᠠᠭᠠᠪᠠ᠃       ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ ᠡᠯ᠎ᠡ ᠵᠦᠢᠯ ᠤᠨ ᠠᠵᠢᠯ ᠤᠨ ᠳᠤᠮᠳᠠ  ᠳᠤᠭᠤᠰᠢᠯᠠᠭᠤᠯᠵᠤ ᠂ ᠦᠵᠡᠯ ᠤᠬᠠᠮᠰᠠᠷ ᠤᠨ ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠠᠬᠢᠵᠢᠭᠦᠯᠵᠦ ᠂  ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠳᠡᠢ ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ  ᠠᠬᠢᠭᠤᠯᠬᠤ ᠬᠡᠷᠡᠭᠳᠡᠢ ᠭᠡᠵᠡᠢ᠃       ᠪᠠᠶᠢᠴᠠᠭᠠᠬᠤ ᠳᠤᠭᠤᠶᠢᠯᠠᠩ  ᠠᠴᠠ ᠪᠠᠰᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ᠠᠷᠠᠳ ᠤᠨ ᠠᠮᠢᠳᠤᠷᠠᠯ  ᠢ ᠦᠨᠡᠨᠬᠦ  ᠬᠠᠷᠠᠭᠠᠯᠵᠠᠬᠤ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠰᠤᠷᠭᠠᠨ ᠬᠥᠮᠦᠵᠢᠯ ᠡᠮ ᠡᠮᠨᠡᠯᠭᠡ ᠨᠠᠰᠤᠵᠢᠯ ᠤᠨ ᠦᠢᠯᠡᠰ ᠢ ᠰᠠᠶᠢᠲᠤᠷ ᠡᠷᠬᠢᠯᠡᠨ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ  ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠠᠮᠲᠤᠪᠠᠷ ᠴᠡᠴᠡᠭᠯᠡᠨ ᠬᠥᠭᠵᠢᠬᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ ᠭᠡᠵᠥ ᠱᠠᠭᠠᠷᠳᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号