ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ  ᠤᠨ ᠢᠨᠵᠧᠨᠧᠷᠢᠩ  ᠠᠵᠢᠯ  ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/3/6
          ᠤᠶᠢᠷ᠎ᠠ ᠳᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠢᠨᠵᠧᠨᠧᠷᠢᠩ ᠵᠢᠩᠬᠢᠨᠢ ᠪᠠᠷ ᠠᠵᠢᠯ ᠢᠶᠠᠨ ᠰᠡᠷᠭᠦᠭᠡᠵᠦ᠂ ᠮᠠᠨ ᠤ ᠬᠤᠰᠢᠭᠤᠨ ᠤ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ  ᠠᠰᠢᠭᠯᠠᠬᠤ ᠪᠠᠶᠢᠯᠳᠤᠬᠤ ᠪᠣᠳᠣᠯᠭ᠎ᠠ ᠶᠢ ᠡᠬᠢᠯᠡᠨ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃       ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠠᠴᠠ ᠡᠬᠢᠯᠡᠨ᠂  ᠰᠠᠭᠤᠷᠢᠨ ᠭᠠᠵᠠᠷ ᠤᠨ ᠠᠩᠬᠠᠳᠠᠭᠴᠢ ᠰᠢᠨ᠎ᠡ ᠡᠨᠧᠷᠭᠢ ᠶᠢᠨ ᠲᠦᠷᠦᠯ ᠵᠦᠢᠯ ᠪᠣᠯᠤᠭᠰᠠᠨ ᠤ ᠬᠤᠪᠢ ᠳᠤ᠂ ᠵᠢᠩ ᠨᠧᠩ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ 110 ᠰᠠᠶ᠎ᠠ ᠸᠠᠲ ᠤᠨ ᠭᠡᠷᠡᠯ ᠴᠡᠨᠡᠭ ᠤᠨ ᠲᠦᠷᠦᠯ ᠵᠦᠢᠯ ᠢ ᠶᠠᠭ ᠱᠠᠯᠠᠪᠳᠠᠨ ᠪᠠᠶᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂  ᠮᠠᠰᠢᠨ ᠮᠧᠬᠠᠨᠢᠭ ᠬᠦᠷᠴᠢᠭᠢᠨᠡᠨ ᠶᠠᠭᠠᠷᠠᠯᠲᠠᠢ ᠠᠵᠢᠯᠯᠠᠵᠤ ᠪᠠᠶᠢᠯ᠎ᠠ᠃      ᠵᠢᠩ ᠨᠧᠩ  ᠺᠣᠮᠫᠠᠨᠢ ᠶᠢᠨ  ᠮᠠᠰᠢᠨ ᠮᠧᠬᠠᠨᠢᠭ ᠤᠨ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠯᠢᠦᠢ ᠶᠠ ᠳ᠋ᠦᠩ  ᠬᠡᠯᠡᠭᠰᠡᠨ ᠨᠢ᠄ ︽ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ  5.8 ᠳ᠋ᠦᠩᠰᠢᠭᠤᠷ ᠲᠥᠭᠦᠷᠢᠭ   ᠲᠤ ᠬᠦᠷᠴᠦ᠂ 3850 ᠮᠦ ᠲᠠᠯᠠᠪᠠᠢ ᠭᠠᠵᠠᠷ ᠡᠵᠡᠯᠡᠬᠦ ᠪᠤᠯᠤᠨ᠎ᠠ᠂  ᠪᠢᠳᠠ  ᠪᠠᠷᠢᠯᠭ᠎ᠠ ᠶᠢᠨ ᠬᠤᠭᠤᠴᠠᠭ᠎ᠠ ᠶᠢ ᠢᠳᠡᠪᠬᠢᠲᠡᠢ ᠠᠬᠢᠭᠤᠯᠵᠤ᠂ 2024 ᠣᠨ ᠤ 6 ᠰᠠᠷ᠎ᠠ ᠶᠢᠨ 30 ᠤ ᠡᠳᠦᠷ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ᠂ ᠴᠠᠬᠢᠯᠭᠠᠨ ᠭᠠᠷᠭᠠᠬᠤ ᠪᠤᠯᠤᠨ ᠠᠮᠢ ᠠᠬᠤᠢ ᠶᠢᠨ ᠵᠠᠰᠠᠯᠲᠠ ᠶᠢᠨ ᠠᠵᠢᠯ ᠢ ᠵᠡᠷᠭᠡᠪᠡᠷ ᠪᠡᠶᠡᠯᠡᠭᠦᠯᠬᠦ ᠪᠠᠷ ᠲᠥᠯᠥᠪᠯᠡᠵᠦ ᠪᠤᠢ ᠭᠡᠵᠡᠢ᠃︾      ᠤᠯᠠᠭᠠᠨᠬᠠᠳᠠ ᠶᠢᠨ ᠮᠧᠩ ᠳ᠋ᠢ ᠠᠭᠤᠷᠬᠠᠢ ᠶᠢᠨ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠬᠤᠩ ᠷᠠᠨ ᠬᠡᠯᠡᠭᠰᠡᠨ ᠨᠢ ︽ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠨᠢ 5 ᠲᠦᠮᠡᠨ ᠮᠦ ᠭᠠᠵᠠᠷ ᠡᠵᠡᠯᠡᠵᠦ᠂ ᠮᠠᠨ ᠤ ᠺᠣᠮᠫᠠᠨᠢ ᠨᠢ ᠲᠣᠰ ᠰᠠᠭᠤᠷᠢᠨ ᠭᠠᠵᠠᠷ ᠤᠨ ᠬᠡᠷᠡᠭᠵᠢᠭᠦᠯᠥᠯᠲᠡ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠤᠷᠢᠳᠠᠴᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠨᠠᠩ ᠣᠯᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠲᠣᠰ ᠰᠠᠭᠤᠷᠢᠨ ᠭᠠᠵᠠᠷ ᠲᠤ ᠣᠷᠣᠭᠤᠯᠤᠨ ᠠᠪᠴᠢᠷᠠᠵᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠤᠯᠤᠨ ᠡᠯᠡᠰᠦ ᠶᠢ  ᠰᠡᠷᠭᠡᠶᠢᠯᠡᠨ ᠵᠠᠰᠠᠬᠤ ᠵᠠᠭᠪᠤᠷ ᠢ ᠶᠡᠷᠦᠩᠬᠡᠶᠢᠯᠡᠨ ᠬᠡᠷᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠤᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠨ᠎ᠡ  ᠭᠡᠵᠡᠢ᠃︾      ᠰᠢᠨ᠎ᠡ ᠡᠨᠧᠷᠭᠢ ᠶᠢᠨ ᠰᠤᠷᠪᠤᠯᠵᠢ ᠶᠢ ᠶᠡᠭᠡ ᠬᠡᠪᠴᠢᠶ᠎ᠡ ᠪᠠᠷ ᠨᠡᠭᠡᠭᠡᠨ ᠬᠦᠭᠵᠢᠭᠦᠯᠬᠦ ᠪᠠ ᠬᠤᠪᠢᠷᠠᠭᠤᠯᠤᠨ ᠠᠰᠢᠭᠯᠠᠬᠤ ᠰᠢᠨ᠎ᠡ ᠠᠵᠠ ᠲᠣᠬᠢᠶᠠᠯ ᠢ ᠠᠮᠵᠢᠨ ᠠᠳᠬᠤᠵᠤ᠂ 2024 ᠣᠨ ᠳᠤ᠂ ᠮᠠᠨ ᠤ ᠬᠤᠰᠢᠭᠤ ︽ᠰᠢᠨ᠎ᠡ ᠡᠨᠧᠷᠭᠢ ᠶᠢᠨ ᠰᠤᠷᠪᠤᠯᠵᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠦᠷᠭᠦᠯᠵᠢᠯᠡᠨ ᠬᠡᠷᠡᠭᠵᠢᠭᠦᠯᠵᠦ᠂  ᠡᠯᠡᠰᠦᠷᠬᠡᠭ ᠭᠠᠵᠠᠷ  ᠢᠶᠠᠷ ᠭᠤᠣᠯᠳᠠᠯᠭ᠎ᠠ ᠪᠣᠯᠭᠠᠭᠰᠠᠨ ᠤᠯᠤᠰ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠪᠤᠯᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 206.1 ᠲᠦᠮᠡᠨ ᠺᠢᠯᠣᠸᠠᠲ ᠤᠨ 5 ᠰᠢᠨ᠎ᠡ ᠡᠨᠧᠷᠭᠢ ᠶᠢᠨ ᠲᠥᠷᠥᠯ ᠵᠦᠢᠯ ᠢ ᠪᠦᠬᠦᠨ ᠢ ᠠᠵᠢᠯ ᠢᠶᠠᠨ ᠡᠬᠢᠯᠡᠬᠦᠯᠬᠦ ᠶᠢ ᠠᠬᠢᠭᠤᠯᠵᠤ᠂ ᠬᠤᠸᠠ ᠨᠧᠩ  ᠂ ᠵᠥᠩ ᠭᠤᠸᠠᠩ  ᠂ ᠳ᠋ᠠ ᠲᠠᠩ ᠵᠡᠷᠭᠡ 3 ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢᠨ ᠬᠠᠮᠲᠤ ᠰᠢᠨ᠎ᠡ ᠡᠨᠧᠷᠭᠢ ᠶᠢᠨ ᠡᠵᠡᠯᠡᠬᠦ ᠬᠤᠪᠢ ᠶᠢᠨ ᠵᠢᠩ ᠢ ᠤᠯᠠᠮ ᠨᠢᠭᠡ ᠠᠯᠬᠤᠮ  ᠳᠡᠭᠡᠭᠰᠢᠯᠡᠭᠦᠯᠬᠦ ᠪᠤᠯᠤᠨ᠎ᠠ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号