ᠮᠥᠩᠬᠡ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ  ᠳᠠᠶᠢᠯᠠᠯᠳᠤᠭᠠᠨ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ  ᠰᠣᠳᠣᠯᠪᠠ
ᠨᠡᠶᠢᠲᠡᠯᠡᠭᠰᠡᠨ ᠴᠠᠭ᠄
2024/3/6
        ᠪᠥᠬᠦ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ  ᠳᠠᠶᠢᠯᠠᠯᠳᠤᠭᠠᠨ  ᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 22  ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ  ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ  ᠳᠡᠳ᠋ ᠳᠠᠷᠤᠭ᠎ᠠ ᠴᠠᠭᠠᠨᠪᠠᠭᠠᠲᠤᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃        ᠮᠥᠩᠬᠡ ᠨᠠᠷ  ᠶᠠᠭᠤᠨ ᠤ ᠤᠷᠢᠳ  ᠲᠤᠭ ᠱᠤᠭᠤᠮ ᠵᠡᠷᠭᠡ  ᠡᠯᠡᠰᠥ ᠶᠢ ᠲᠤᠭᠤᠯᠤᠭᠰᠠᠨ ᠵᠠᠰᠠᠮᠠᠯ ᠵᠠᠮ ᠳᠠᠭᠤ ᠭᠠᠵᠠᠷ ᠲᠤ ᠭᠦᠨᠵᠡᠭᠡᠶᠢᠷᠡᠨ ᠵᠠᠮ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠵᠢᠴᠢ ᠵᠠᠮ ᠳᠠᠭᠤ  ᠡᠯᠡᠰᠦᠷᠬᠡᠭ ᠭᠠᠵᠠᠷ ᠢ ᠵᠠᠰᠠᠭᠰᠠᠨ ᠪᠠᠶᠢᠳᠠᠯ ᠪᠣᠯᠣᠨ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠢ ᠪᠠᠷᠢᠯᠭ᠎ᠠ ᠡᠬᠢᠯᠡᠭᠦᠯᠵᠦ ᠪᠦᠲᠦᠭᠡᠨ  ᠪᠠᠶᠢᠭᠤᠯᠵᠤ ᠪᠠᠶᠢᠳᠠᠯ ᠢ ᠬᠠᠶᠢᠨ ᠪᠠᠶᠢᠴᠠᠭᠠᠪᠠ᠃  ᠪᠠᠰᠠ ᠰᠡᠨᠳᠡᠩ ᠮᠤᠳᠤᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠣᠷᠳᠣᠨ ᠳᠤ ᠬᠦᠷᠴᠥ ᠪᠠᠶᠢᠴᠠᠭᠠᠨ ᠰᠤᠳᠤᠯᠤᠯᠲᠠ ᠬᠢᠵᠡᠢ᠃       ᠮᠥᠩᠬᠡ ᠴᠢᠬᠤᠯᠠᠴᠢᠯᠠᠭᠰᠠᠨ ᠨᠢ᠄ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠤᠷᠴᠢᠨ ᠤ ᠡᠯᠡᠰᠦᠷᠬᠡᠭ ᠭᠠᠵᠠᠷ   ᠤᠨ ᠰᠥᠨᠥᠭᠡᠯᠲᠡ ᠶᠢᠨ  ᠳᠠᠶᠢᠯᠠᠯᠳᠤᠭᠠᠨ  ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠵᠡᠯ ᠰᠠᠨᠠᠭ᠎ᠠ ᠪᠠᠨ ᠨᠢᠭᠡᠳᠬᠡᠨ᠂ ᠰᠢᠨᠵᠢᠯᠡᠬᠦ ᠤᠬᠠᠭᠠᠨᠴᠢ  ᠰᠢᠰᠲ᠋ᠧᠮᠴᠢᠯᠠᠭᠰᠠᠨ ᠡᠯᠡᠰᠦ ᠶᠢ ᠰᠡᠷᠭᠡᠶᠢᠯᠡᠵᠦ  ᠵᠠᠰᠠᠬᠤ ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂  ᠪᠣᠳᠠᠲᠠᠢ ᠶᠢ ᠡᠷᠬᠢᠮᠯᠡᠬᠦ ᠰᠤᠷᠲᠠᠯ᠂  ᠬᠦᠴᠦᠲᠡᠢ ᠠᠷᠭ᠎ᠠ ᠬᠡᠮᠵᠢᠶ᠎ᠡ ᠪᠠᠷ ᠤᠷᠢᠳᠴᠢᠯᠠᠨ ᠲᠥᠯᠥᠪᠵᠢᠭᠦᠯᠵᠦ᠂ ᠪᠠᠷᠢᠮᠵᠢᠶ᠎ᠠ ᠪᠠᠨ ᠳᠡᠭᠡᠭᠰᠢᠯᠡᠭᠦᠯᠥᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠬᠤᠷᠴᠢᠨ   ᠤ ᠡᠯᠡᠰᠦᠷᠬᠡᠭ ᠭᠠᠵᠠᠷ   ᠢ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠳᠬᠠᠨ᠂ ᠮᠠᠯᠴᠢᠳ   ᠤᠨ ᠰᠢᠨᠵᠢᠯᠡᠬᠦ ᠤᠬᠠᠭᠠᠨᠴᠢ ᠪᠠᠷ ᠮᠠᠯ ᠤᠨᠤᠭ᠎ᠠ ᠪᠠᠨ ᠲᠡᠵᠢᠭᠡᠬᠦ ᠶᠢ  ᠰᠠᠨᠠᠭᠠᠴᠢᠯᠠᠨ ᠳᠠᠭᠠᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠰᠠᠨᠠᠭᠠᠴᠢᠯᠠᠭ᠎ᠠ   ᠠᠴᠠ ᠪᠠᠨ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠬᠠᠮᠲᠤ  ᠡᠯᠡᠰᠦ ᠶᠢ ᠵᠠᠰᠠᠬᠤ ᠢᠨᠵᠧᠨᠧᠷᠢᠩ ᠳᠤ ᠣᠷᠣᠯᠴᠠᠬᠤ ᠪᠠᠷ ᠳᠡᠮᠵᠢᠨ ᠣᠷᠣᠯᠭ᠎ᠠ ᠪᠠᠨ  ᠨᠡᠮᠡᠭᠳᠡᠭᠦᠯᠬᠦ ᠶᠢ ᠪᠠᠲᠤᠯᠠᠬᠤ ᠬᠡᠷᠡᠭᠳᠡᠢ᠃  ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ  ᠨᠢᠭᠡᠳᠦᠯ ᠢ ᠪᠡᠶᠡᠯᠡᠭᠦᠯᠵᠦ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠵᠠᠰᠠᠯᠲᠠ ᠶᠢᠨ ᠬᠢᠷᠢ ᠲᠦᠪᠰᠢᠨ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号