︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ  ᠬᠦᠷᠭᠡᠵᠥ ᠠᠵᠤ ᠠᠬᠤᠶᠢᠯᠠᠯ ᠳᠤ  ᠬᠦᠷᠭᠡᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠮᠠᠨ ᠤ ᠬᠤᠰᠢᠭᠤᠨ ᠳᠤ  ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2024/4/10
          4 ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠲᠤᠷᠠᠨ ᠡᠷᠭᠢᠯᠡᠭᠰᠡᠨ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠬᠦᠷᠭᠡᠵᠥ ᠠᠵᠤ ᠠᠬᠤᠶᠢᠯᠠᠯ ᠎ ᠳᠤ ᠬᠦᠷᠭᠡᠬᠦ  ᠪᠣᠯᠪᠠᠰᠤᠷᠠᠯ ᠤᠨ ᠠᠩᠭᠢ︾᠎   ᠤᠯᠠᠭᠠᠨᠬᠠᠳᠠ ᠶᠢᠨ  ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠬᠤᠰᠢᠭᠤᠨ  ᠳᠡᠳ᠋ ᠳᠠᠷᠤᠭ᠎ᠠ ᠯᠢ  ᠾᠦᠢ  ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠬᠦᠷᠢᠶᠡᠯᠡᠩ ᠲᠣᠭᠤᠷᠢᠭ ᠤᠨ 40 ᠭᠠᠷᠤᠢ ᠠᠵᠤ ᠠᠬᠤᠶᠢᠯᠠᠯ ᠤᠨ  109 ᠲᠦᠯᠥᠭᠡᠯᠡᠭᠴᠢᠳ   ᠪᠣᠯᠪᠠᠰᠤᠷᠠᠯ ᠳᠤ ᠣᠷᠣᠯᠴᠠᠵᠠᠢ᠃        ᠪᠤᠯᠪᠠᠰᠤᠷᠠᠯ ᠤᠨ ᠳᠤᠮᠳᠠ᠂ ᠬᠠᠮᠢᠶ᠎ᠠ ᠪᠦᠬᠦᠢ  ᠮᠡᠷᠭᠡᠵᠢᠯᠳᠡᠨ ᠠᠴᠠ ᠠᠵᠤ ᠠᠬᠤᠶᠢᠯᠠᠯ ᠤᠨ ᠲᠣᠭᠤᠷᠢᠨ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠶᠠᠰᠤ ᠴᠢᠨᠠᠷ ᠤᠨ ᠬᠠᠮᠢᠶᠠᠷᠤᠯᠲᠠ ᠪᠠ ᠲᠤᠰᠬᠠᠢ ᠠᠰᠢᠭ ᠤᠨ ᠭᠤᠶᠤᠴᠢᠯᠠᠯ ᠤᠨ ᠪᠣᠳᠠᠲᠤ ᠶᠠᠪᠤᠳᠠᠯ ᠤᠨ ᠲᠠᠨᠢᠯᠴᠠᠭᠤᠯᠭ᠎ᠠ᠂ ᠲᠠᠸᠠᠷ ᠤᠨ ᠲᠡᠮᠳᠡᠭ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠵᠠᠳᠠᠯᠤᠯᠲᠠ᠂ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠯᠣᠭᠤᠳᠤᠯᠭ᠎ᠠ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ  ᠲᠠᠶᠢᠯᠪᠤᠷᠢᠯᠠᠯ ᠬᠢᠪᠡ᠃  ᠡᠭᠦᠨ ᠤ ᠬᠠᠮᠲᠤ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ  ᠰᠤᠳᠤᠯᠤᠨ ᠰᠢᠨᠵᠢᠯᠡᠵᠥ  ᠰᠢᠢᠳᠪᠦᠷᠢᠯᠡᠨ  ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ  ᠬᠦᠷᠭᠡᠵᠥ ᠠᠵᠤ ᠠᠬᠤᠶᠢᠯᠠᠯ ᠳᠤ  ᠬᠦᠷᠭᠡᠬᠦ  ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ  ᠪᠠᠲᠤᠯᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号