| 4 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ | ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠲᠤᠷᠠᠨ ᠡᠷᠭᠢᠯᠡᠭᠰᠡᠨ ︽ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠬᠦᠷᠭᠡᠵᠥ ᠠᠵᠤ | ᠠᠬᠤᠶᠢᠯᠠᠯ ᠳᠤ ᠬᠦᠷᠭᠡᠬᠦ ᠪᠣᠯᠪᠠᠰᠤᠷᠠᠯ ᠤᠨ ᠠᠩᠭᠢ︾ ᠤᠯᠠᠭᠠᠨᠬᠠᠳᠠ ᠶᠢᠨ ᠬᠠᠰ ᠯᠤᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠬᠤᠰᠢᠭᠤᠨ ᠳᠡᠳ᠋ ᠳᠠᠷᠤᠭ᠎ᠠ ᠯᠢ ᠾᠦᠢ | ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠬᠦᠷᠢᠶᠡᠯᠡᠩ ᠲᠣᠭᠤᠷᠢᠭ ᠤᠨ 40 ᠭᠠᠷᠤᠢ ᠠᠵᠤ ᠠᠬᠤᠶᠢᠯᠠᠯ ᠤᠨ | 109 ᠲᠦᠯᠥᠭᠡᠯᠡᠭᠴᠢᠳ ᠪᠣᠯᠪᠠᠰᠤᠷᠠᠯ ᠳᠤ ᠣᠷᠣᠯᠴᠠᠵᠠᠢ᠃ | ᠪᠤᠯᠪᠠᠰᠤᠷᠠᠯ ᠤᠨ ᠳᠤᠮᠳᠠ᠂ ᠬᠠᠮᠢᠶ᠎ᠠ ᠪᠦᠬᠦᠢ ᠮᠡᠷᠭᠡᠵᠢᠯᠳᠡᠨ ᠠᠴᠠ ᠠᠵᠤ ᠠᠬᠤᠶᠢᠯᠠᠯ ᠤᠨ ᠲᠣᠭᠤᠷᠢᠨ ᠳᠤ | ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠶᠠᠰᠤ ᠴᠢᠨᠠᠷ ᠤᠨ ᠬᠠᠮᠢᠶᠠᠷᠤᠯᠲᠠ ᠪᠠ ᠲᠤᠰᠬᠠᠢ ᠠᠰᠢᠭ ᠤᠨ | ᠭᠤᠶᠤᠴᠢᠯᠠᠯ ᠤᠨ ᠪᠣᠳᠠᠲᠤ ᠶᠠᠪᠤᠳᠠᠯ ᠤᠨ ᠲᠠᠨᠢᠯᠴᠠᠭᠤᠯᠭ᠎ᠠ᠂ ᠲᠠᠸᠠᠷ ᠤᠨ ᠲᠡᠮᠳᠡᠭ ᠤᠨ ᠪᠠᠶᠢᠩᠭᠤ ᠲᠣᠬᠢᠶᠠᠯᠳᠤᠬᠤ | ᠠᠰᠠᠭᠤᠳᠠᠯ ᠤᠨ ᠵᠠᠳᠠᠯᠤᠯᠲᠠ᠂ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ | ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠯᠣᠭᠤᠳᠤᠯᠭ᠎ᠠ | ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠲᠠᠶᠢᠯᠪᠤᠷᠢᠯᠠᠯ ᠬᠢᠪᠡ᠃ ᠡᠭᠦᠨ ᠤ ᠬᠠᠮᠲᠤ ᠠᠵᠤ ᠠᠬᠤᠶᠢᠯᠠᠯ ᠢ | ᠬᠠᠪᠰᠤᠷᠤᠨ ᠪᠣᠳᠠᠲᠠᠢ ᠠᠰᠠᠭᠤᠳᠠᠯ ᠢ ᠨᠢ ᠰᠤᠳᠤᠯᠤᠨ ᠰᠢᠨᠵᠢᠯᠡᠵᠥ ᠰᠢᠢᠳᠪᠦᠷᠢᠯᠡᠨ ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠬᠦᠷᠭᠡᠵᠥ ᠠᠵᠤ ᠠᠬᠤᠶᠢᠯᠠᠯ ᠳᠤ | ᠬᠦᠷᠭᠡᠬᠦ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠭᠰᠠᠨ ᠪᠠᠶᠢᠨ᠎ᠠ᠃ |