ᠮᠠᠨ ᠤ ᠬᠤᠰᠢᠭᠤᠨ ᠤ ᠠᠩᠬᠠᠳᠠᠭᠴᠢ ᠲᠠᠪᠤᠨ ᠣᠳᠣᠨ ᠲᠠᠰ ᠤᠨ ᠪᠠᠭᠤᠳᠠᠯ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/4/10
      ᠤᠶᠢᠷ᠎ᠠ ᠳᠤ ᠮᠠᠨ ᠤ ᠬᠤᠰᠢᠭᠤᠨ ᠤ ᠭᠡᠷ ᠪᠠᠶᠢᠰᠢᠩ ᠤᠨ ᠨᠡᠭᠡᠭᠡᠨ ᠬᠦᠭᠵᠢᠭᠦᠯᠥᠯᠲᠡ ᠶᠢᠨ ᠬᠦᠷᠢᠶᠡᠨ ᠳᠤ ᠨᠢᠭᠡᠨ ᠪᠠᠶᠠᠷ ᠤᠨ ᠴᠢᠮᠡᠭᠡ  ᠤᠯᠠᠮᠵᠢᠯᠠᠭᠳᠠᠨ᠂  ᠮᠠᠨ ᠤ ᠬᠤᠰᠢᠭᠤᠨ ᠤ ᠠᠩᠬᠠᠳᠠᠭᠴᠢ ᠲᠠᠪᠤᠨ ᠤᠳᠤᠨ ᠳᠡᠰ ᠤᠨ ᠵᠣᠴᠢᠳ ᠤᠨ ᠪᠠᠭᠤᠳᠠᠯ  ᠪᠣᠯᠬᠤ ᠶᠢᠨ ᠶᠤᠸᠠᠨ ᠭᠦᠸ᠋ ᠵᠣᠴᠢᠳ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠤᠷᠤᠭᠰᠢᠲᠠᠢ ᠪᠠᠷ ᠠᠵᠢᠯ ᠢᠶᠠᠨ ᠡᠬᠢᠯᠡᠭᠦᠯᠥᠭᠰᠡᠨ ᠪᠠᠶᠢᠨ᠎ᠠ᠃      ᠤᠶᠢᠯᠠᠭᠠᠭᠰᠠᠨ ᠢᠶᠠᠷ ᠶᠢᠨ ᠶᠤᠸᠠᠨ ᠭᠦᠸ᠋ ᠵᠣᠴᠢᠳ ᠤᠨ ᠪᠠᠭᠤᠳᠠᠯ ᠤᠨ ᠲᠦᠷᠦᠯ ᠵᠦᠢᠯ   ᠨᠢ  ᠰᠢᠷᠠᠮᠦ᠋ᠷᠡᠨ ᠵᠡᠭᠡᠯᠢ ᠶᠢᠨ ᠬᠤᠶᠢᠲᠤ ᠵᠠᠬ᠎ᠠ ᠳᠤ  ᠪᠠᠶᠢᠷᠢᠰᠢᠨ᠂  ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ 10 ᠲᠦᠮᠡᠨ ᠲᠡᠭᠰᠢ ᠳᠥᠷᠪᠡᠯᠵᠢᠨ ᠮᠧᠲᠷ᠂  ᠭᠤᠤᠯ ᠠᠰᠠᠷ ᠤᠨ ᠥᠨᠳᠥᠷ ᠨᠢ 25 ᠳᠠᠪᠬᠤᠷ ᠪᠠᠶᠢᠵᠤ᠂ ᠲᠠᠪᠤᠨ ᠣᠳᠣᠨ ᠲᠠᠰ ᠤᠨ ᠪᠠᠭᠤᠳᠠᠯ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠭᠤᠣᠯᠳᠠᠭᠤ ᠯᠤᠤ ᠭᠠᠷᠤᠳᠢ ᠶᠢᠨ ᠰᠣᠶᠣᠯ ᠢ ᠤᠬᠠᠭᠤᠯᠬᠤ᠂ ᠠᠷᠠᠯᠵᠢᠶᠠᠨ ᠤ ᠶᠠᠪᠤᠳᠠᠯ ᠤᠨ ᠵᠣᠴᠢᠯᠠᠭ᠎ᠠ ᠪᠠ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ  ᠶᠢ ᠪᠠᠭᠲᠠᠭᠠᠨ᠎ᠠ︔ ᠲᠥᠷᠥᠯ ᠵᠦᠢᠯ ᠢ  ᠪᠠᠶᠢᠭᠤᠯᠵᠤ ᠳᠠᠭᠤᠰᠤᠭᠰᠠᠨ ᠤ ᠳᠠᠷᠠᠭ᠎ᠠ᠂   ᠮᠠᠨ ᠤ  ᠬᠤᠰᠢᠭᠤᠨ ᠤ ᠵᠢᠭᠤᠯᠴᠢᠯᠠᠯ ᠤᠨ ᠶᠠᠰᠤ ᠴᠢᠨᠠᠷ ᠢ ᠤᠯᠠᠮ  ᠨᠢᠭᠡ ᠠᠯᠬᠤᠮ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠨᠡᠩ ᠰᠠᠶᠢᠨ  ᠠᠬᠢᠭᠤᠯᠬᠤ  ᠪᠤᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号