ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠭᠠᠵᠠᠷ ᠲᠤ ᠰᠠᠭᠤᠭ᠎ᠠ ᠠᠯᠪᠠᠨ ᠭᠡᠷ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/10
 \         4 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠭᠠᠵᠠᠷ ᠲᠤ ᠰᠠᠭᠤᠭ᠎ᠠ ᠠᠯᠪᠠᠨ ᠭᠡᠷ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠤᠯᠤᠰ ᠲᠦᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠮᠢᠩ ᠲᠤᠤ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃          ᠫᠠᠶᠢᠰᠠ ᠰᠡᠬᠦᠬᠦ ᠶᠣᠰᠣᠯᠠᠯ ᠳᠡᠭᠡᠷ᠎ᠡ᠂ ᠬᠤᠰᠢᠭᠤᠨ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠳ᠋ᠠᠢ ᠢᠦᠢ ᠬᠤᠸᠠ ᠪᠣᠯᠣᠨ ᠬᠤᠰᠢᠭᠤᠨ   ᠤ ᠠᠷᠠᠳ ᠤᠨ ᠪᠠᠶᠢᠴᠠᠭᠠᠬᠤ ᠬᠤᠷᠢᠶ᠎ᠠ ᠶᠢᠨ  ᠪᠠᠶᠢᠴᠠᠭᠠᠭᠴᠢ ᠳᠠᠷᠤᠭ᠎ᠠ ᠵᠠᠩ ᠯᠢ ᠬᠠᠮᠲᠤ ᠪᠠᠷ ᠨᠠᠰᠤᠨ ᠳᠤ ᠥᠯᠥ ᠭᠦᠷᠦᠭᠰᠡᠳ  ᠢ  ᠪᠠᠶᠢᠴᠠᠭᠠᠬᠤ  ᠭᠠᠵᠠᠷ   ᠲᠤ ᠰᠠᠭᠤᠭ᠎ᠠ ᠠᠯᠪᠠᠨ ᠭᠡᠷ ᠤᠨ ᠫᠠᠶᠢᠰᠠ ᠶᠢ ᠰᠡᠬᠦᠪᠡ︔ ᠬᠤᠰᠢᠭᠤᠨ   ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠬᠤᠰᠢᠭᠤᠨ   ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠤᠷᠢᠭᠳᠠᠵᠤ ᠪᠠᠶᠢᠭ᠎ᠠ ᠨᠠᠰᠤᠨ ᠳᠤ ᠥᠯᠥ ᠭᠦᠷᠦᠭᠰᠡᠳ ᠢ ᠬᠢᠨᠠᠨ ᠬᠠᠮᠢᠶᠠᠷᠬᠤ ᠪᠠ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠳᠤ ᠭᠠᠷ ᠤᠨ ᠥᠰᠥᠭ ᠵᠢᠷᠤᠪᠠ  ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号