| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ | ᠢ ᠬᠦᠨᠵᠡᠭᠡᠶᠢᠷᠡᠬᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠯᠠᠪᠳᠠᠭᠤᠨ | ᠪᠠᠲᠤᠲᠠᠢ ᠠᠬᠢᠭᠤᠯᠤᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠨ ᠰᠦᠢᠳᠭᠡᠬᠦ᠂ ᠬᠠᠤᠯᠢ ᠪᠤᠰᠤ ᠪᠠᠷ | ᠬᠠᠭᠠᠯᠪᠤᠷᠢᠯᠠᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠥ᠂ ᠮᠠᠨ ᠤ ᠤᠯᠤᠰ ᠤᠨ | ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠦᠷᠭᠦᠯᠵᠢᠯᠡᠨ ᠪᠠᠬᠢᠵᠢᠬᠦᠯᠬᠦ | ᠶᠢᠨ ᠲᠦᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ﹀ ᠶᠢ | ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ | ᠪᠡᠯᠴᠢᠭᠡᠷ ᠢ ᠬᠠᠮᠠᠭᠠᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠵᠡᠷᠭᠡ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠥᠰᠥᠯᠡᠨ᠂ ᠰᠢᠭᠤᠶᠢᠳᠤ ᠤᠷᠤᠨ ᠪᠤᠯᠤᠨ ᠨᠤᠲᠤᠭ ᠪᠡᠯᠴᠢᠭᠡᠷ ᠢ | ᠬᠠᠤᠯᠢ ᠪᠤᠰᠤ ᠪᠠᠷ ︵ᠡᠵᠡᠯᠡᠨ︶ ᠬᠠᠭᠠᠯᠪᠤᠷᠢᠯᠠᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠵᠦᠢᠯᠡᠰ ᠢ ᠡᠳᠦᠭᠡ | ᠳᠣᠣᠷᠠᠬᠢ ᠮᠡᠲᠦ ᠵᠠᠷᠯᠠᠶ᠎ᠠ᠄ | ᠨᠢᠭᠡ᠂ ᠰᠢᠭᠤᠶᠢᠲᠤ ᠤᠷᠤᠨ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠨ᠎ᠠ | ︵ᠨᠢᠭᠡ︶ ᠨᠡᠶᠢᠲᠡ ᠶᠢᠨ ᠠᠰᠠᠷᠠᠮᠵᠢ ᠶᠢᠨ ᠣᠶ ᠶᠢ 5 ᠮᠦ ᠠᠴᠠ ᠳᠣᠷᠣᠭᠰᠢ᠂ ᠲᠠᠸᠠᠷ ᠤᠨ ᠣᠶ ᠶᠢ 10 | ᠮᠦ ᠠᠴᠠ ᠳᠣᠷᠣᠭᠰᠢ᠄ ᠬᠠᠤᠯᠢ ᠪᠤᠰᠤ ᠪᠠᠷ ᠬᠠᠭᠠᠯᠪᠤᠷᠢᠯᠠᠭᠠᠳ ᠣᠶ ᠮᠣᠳᠣ ᠶᠢ ᠡᠪᠳᠡᠵᠦ ᠰᠦᠢᠳᠬᠡᠭᠰᠡᠨ ᠪᠠᠶᠢᠪᠠᠯ᠂ | ᠬᠤᠰᠢᠭᠤᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠶᠢ ᠭᠤᠣᠯᠴᠢᠯᠠᠨ | ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠵᠤ᠂ ᠲᠣᠭᠲᠠᠭᠰᠠᠨ ᠬᠤᠭᠤᠴᠠᠭᠠᠨ ᠳᠤ ᠤᠤᠯ ᠤᠨ ᠭᠠᠵᠠᠷ ᠲᠤ ᠨᠢ ᠪᠤᠶᠤ ᠪᠤᠰᠤᠳ ᠭᠠᠵᠠᠷ ᠲᠤ ᠡᠪᠳᠡᠵᠦ | ᠰᠦᠢᠳᠬᠡᠭᠰᠡᠨ ᠮᠣᠳᠣᠨ ᠤ ᠲᠣᠭᠠᠨ ᠤ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ ᠣᠶ | ᠮᠣᠳᠣ ᠶᠢ ᠨᠥᠬᠦᠨ ᠳᠠᠷᠢᠭᠤᠯᠵᠤ᠂ ᠡᠪᠳᠡᠵᠦ ᠰᠦᠢᠳᠬᠡᠭᠰᠡᠨ ᠣᠶ ᠮᠣᠳᠣᠨ ᠤ ᠦᠨ᠎ᠡ ᠥᠷᠲᠡᠭ ᠤᠨ ᠲᠠᠪᠤᠨ ᠳᠠᠬᠢᠨ | ᠠᠴᠠ ᠳᠣᠷᠣᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠣᠨ᠎ᠠ᠃ ᠤᠢ ᠰᠢᠭᠤᠶᠢᠳᠤ ᠤᠷᠤᠨ ᠢ ᠡᠪᠳᠡᠵᠦ | ᠰᠦᠢᠳᠬᠡᠭᠰᠡᠨ ᠪᠠᠶᠢᠪᠠᠯ᠂ ᠬᠤᠰᠢᠭᠤᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠢ | ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠵᠤ᠂ ᠲᠣᠭᠲᠠᠭᠰᠠᠨ ᠬᠤᠭᠤᠴᠠᠭᠠᠨ ᠳᠤ ᠤᠷᠭᠤᠮᠠᠯ ᠤᠨ ᠬᠤᠴᠢᠯᠭ᠎ᠠ ᠪᠠ ᠣᠶ ᠰᠢᠭᠤᠢ ᠶᠢᠨ | ᠦᠢᠯᠡᠳᠪᠦᠷᠢᠯᠡᠯ ᠤᠨ ᠨᠥᠬᠦᠴᠡᠯ ᠢ ᠨᠢ ᠰᠡᠷᠬᠦᠭᠡᠯᠭᠡᠨ᠂ ᠤᠷᠭᠤᠮᠠᠯ ᠤᠨ ᠬᠤᠴᠢᠯᠭ᠎ᠠ ᠪᠠ ᠣᠶ ᠰᠢᠭᠤᠢ ᠶᠢᠨ | ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠭᠤᠷᠪᠠᠨ ᠳᠠᠬᠢᠨ ᠢᠶᠠᠷ ᠲᠤᠷᠭᠤᠭᠠᠨ | ᠰᠢᠳᠭᠡᠵᠤ ᠪᠤᠯᠤᠨ᠎ᠠ᠃ | ︵ᠬᠤᠶᠠᠷ︶ ᠨᠡᠶᠢᠲᠡ ᠶᠢᠨ ᠠᠰᠠᠷᠠᠮᠵᠢ ᠶᠢᠨ ᠤᠢ ᠶᠢ 5 ᠮᠤ᠋ ᠠᠴᠠ ᠳᠡᠭᠡᠭᠰᠢ᠂ ᠲᠠᠸᠠᠷ ᠤᠨ ᠤᠢ ᠶᠢ 10 | ᠮᠤ᠋ ᠠᠴᠠ ᠳᠡᠭᠡᠭᠰᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠪᠤᠯ ᠡᠷᠡᠭᠦᠦ ᠶᠢᠨ ᠶᠠᠯ᠎ᠠ ᠬᠢᠭᠰᠡᠨ ᠰᠡᠵᠢᠭᠲᠡᠨ ᠢᠶᠠᠷ | ᠨᠤᠲᠠᠯᠠᠵᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠲᠠᠪᠤᠨ ᠵᠢᠯ ᠠᠴᠠ ᠳᠤᠭᠤᠭᠰᠢ | ᠬᠤᠭᠤᠴᠠᠭ᠎ᠠ ᠲᠠᠢ ᠬᠤᠷᠢᠬᠤ ᠪᠤᠶᠤ ᠪᠠᠶ᠎ᠠ ᠶᠢᠨ ᠡᠷᠬᠡ ᠶᠢ ᠨᠢ ᠲᠦᠷ ᠬᠠᠰᠤᠬᠤ ᠪᠠᠷ ᠰᠢᠳᠭᠡᠵᠤ᠂ ᠨᠡᠶᠢᠯᠡᠭᠦᠯᠦᠨ | ᠲᠤᠷᠭᠤᠭᠠᠬᠤ ᠪᠤᠶᠤ ᠲᠠᠩ ᠲᠦᠷᠥᠯ ᠢᠶᠠᠷ ᠲᠤᠷᠭᠤᠭᠠᠨ ᠰᠢᠳᠭᠡᠵᠤ ᠪᠣᠯᠣᠨ᠎ᠠ᠃ | ︵ᠭᠤᠷᠪᠠ︶ ᠤᠢ ᠰᠢᠭᠤᠢ᠂ ᠤᠢ ᠮᠣᠳᠣ ᠶᠢ ᠡᠪᠳᠡᠵᠦ ᠰᠦᠢᠳᠬᠡᠭᠰᠡᠨ ᠦᠭᠡᠢ ᠪᠤᠶᠤ ᠬᠠᠭᠠᠯᠪᠤᠷᠢᠯᠠᠭᠰᠠᠨ | ᠤᠢ ᠰᠢᠭᠤᠶᠢᠳᠤ ᠭᠠᠵᠠᠷ ᠲᠤ ᠨᠢ ᠤᠢ ᠰᠢᠭᠤᠢ᠂ ᠤᠢ ᠮᠣᠳᠣ ᠦᠭᠡᠢ ᠪᠣᠯ ᠬᠤᠰᠢᠭᠤᠨ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠠᠴᠠ | ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠤᠭᠳᠠᠨ ᠤᠤᠯ | ᠤᠨ ᠪᠠᠶᠢᠳᠠᠯ ᠢ ᠨᠢ ᠰᠡᠷᠭᠦᠭᠡᠯᠭᠡᠵᠦ᠂ ᠬᠠᠤᠯᠢ ᠪᠤᠰᠤ ᠪᠠᠷ ᠬᠠᠭᠠᠯᠪᠤᠷᠢᠯᠠᠭᠰᠠᠨ ᠤᠢ ᠰᠢᠭᠤᠶᠢᠳᠤ ᠭᠠᠵᠠᠷ ᠢ ᠨᠢ ᠲᠡᠭᠰᠢ | ᠳᠥᠷᠪᠡᠯᠵᠢᠨ ᠮᠧᠲᠷ ᠪᠦᠷᠢ 10 ᠲᠥᠭᠦᠷᠢᠭ ᠠᠴᠠ ᠳᠣᠷᠣᠭᠰᠢ ᠲᠤᠷᠭᠤᠭᠠᠨ ᠰᠢᠳᠭᠡᠵᠤ ᠪᠣᠯᠣᠨ᠎ᠠ᠃ | ︵ᠳᠦᠷᠪᠡ︶ ᠨᠢᠭᠡᠨᠲᠡ ᠬᠠᠭᠠᠯᠪᠤᠷᠢᠯᠠᠭᠰᠠᠨ ᠤᠢ ᠰᠢᠭᠤᠶᠢᠲᠤ ᠭᠠᠵᠠᠷ ᠲᠤ ᠵᠣᠬᠢᠴᠠᠩᠭᠤᠢ ᠬᠠᠤᠯᠢ ᠶᠢᠨ | ᠬᠠᠷᠢᠭᠤᠴᠠᠯᠭ᠎ᠠ ᠡᠭᠦᠷᠭᠡᠯᠡᠬᠦ ᠶᠢᠨ ᠵᠡᠷᠭᠡᠴᠡᠭᠡ ᠪᠠᠷ ᠡᠷᠬᠡᠪᠰᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠲᠣᠭᠲᠠᠭᠰᠠᠨ ᠬᠤᠭᠤᠴᠠᠭᠠᠨ ᠤ ᠳᠣᠲᠣᠷ᠎ᠠ ᠪᠦᠬᠦᠠ ᠢ ᠲᠡᠬᠢᠠ ᠣᠶᠢᠵᠢᠭᠤᠯᠬᠤ ᠬᠡᠷᠡᠭᠲᠡᠢ᠃ ᠰᠡᠷᠭᠦᠭᠡᠬᠦ ᠶᠢ | ᠲᠡᠪᠴᠢᠭᠰᠡᠨ ᠪᠤᠶᠤ ᠰᠡᠷᠭᠦᠭᠡᠬᠦ ᠪᠠᠷᠢᠮᠵᠢᠶ᠎ᠠ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠯ ᠭᠤᠤᠯᠯᠠᠨ | ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠠᠴᠠ ᠠᠯᠪᠠᠳᠠᠯᠭ᠎ᠠ ᠪᠠᠷ ᠤᠷᠤᠯᠠᠨ ᠤᠶᠢᠵᠢᠭᠤᠯᠠᠭᠤᠯᠵᠤ᠂ ᠬᠡᠷᠡᠭᠰᠡᠬᠦ | ᠵᠠᠷᠤᠳᠠᠯ ᠢ ᠨᠢ ᠬᠠᠭᠠᠯᠪᠤᠷᠢᠯᠠᠭᠴᠢ ᠡᠭᠦᠷᠭᠡᠯᠡᠨ᠎ᠡ᠃ | ᠬᠤᠶᠠᠷ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠨ᠎ᠠ | ︵ᠨᠢᠭᠡ︶ ᠨᠤᠲᠤᠭ ᠪᠡᠯᠴᠢᠭᠡᠷ ᠢ ᠬᠠᠤᠯᠢ ᠪᠤᠰᠤ ᠪᠠᠷ 20 ᠮᠦ ᠠᠴᠠ ᠳᠣᠷᠣᠭᠰᠢ ᠬᠠᠭᠠᠯᠪᠤᠷᠢᠯᠠᠭᠰᠠᠨ ᠪᠤᠯ | ᠬᠤᠰᠢᠭᠤᠨ ᠱᠠᠲᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠤᠭᠳᠠᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠪᠤᠰᠤ ᠣᠯᠵᠠᠪᠤᠷᠢ ᠶᠢ ᠨᠢ | ᠬᠤᠷᠢᠶᠠᠨ ᠠᠪᠴᠤ᠂ ᠬᠠᠤᠯᠢ ᠪᠤᠰᠤ ᠣᠯᠵᠠᠪᠤᠷᠢ ᠶᠢᠨ ᠬᠢᠨᠢ ᠨᠢᠭᠡ ᠳᠠᠬᠢᠨ ᠠᠴᠠ ᠳᠡᠭᠡᠭᠰᠢ᠂ ᠲᠠᠪᠤᠨ ᠳᠠᠬᠢᠨ ᠠᠴᠠ | ᠳᠣᠷᠣᠭᠰᠢ ᠵᠣᠭᠤᠰ ᠢᠶᠠᠷ ᠲᠣᠷᠭᠠᠨ᠎ᠠ᠃ ᠬᠠᠤᠯᠢ ᠪᠤᠰᠤ ᠤᠯᠵᠠᠪᠤᠷᠢ ᠦᠭᠡᠢ ᠪᠣᠯ ᠲᠠᠪᠤᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠤᠷᠭᠠᠨ᠎ᠠ᠃ ᠨᠤᠲᠤᠭ ᠪᠡᠯᠴᠢᠭᠡᠷ ᠦᠨᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ | ᠤᠴᠠᠷᠠᠭᠤᠯᠤᠭᠰᠠᠨ ᠪᠤᠯ ᠬᠠᠤᠯᠢ ᠶᠣᠰᠣᠭᠠᠷ ᠲᠦᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ︵ᠬᠤᠶᠠᠷ︶ ᠨᠤᠲᠤᠭ ᠪᠡᠯᠴᠢᠭᠡᠷ ᠢ ᠬᠠᠤᠯᠢ ᠪᠤᠰᠤ ᠪᠠᠷ 20 ᠮᠦ ᠠᠴᠠ ᠳᠡᠭᠡᠭᠰᠢ ᠬᠠᠭᠠᠯᠪᠤᠷᠢᠯᠠᠭᠰᠠᠨ ᠪᠤᠯ | ᠡᠷᠡᠭᠦᠦ ᠶᠢᠨ ᠬᠡᠷᠡᠭ ᠤᠨ ᠶᠠᠯ᠎ᠠ ᠬᠢᠭᠰᠡᠨ ᠰᠡᠵᠢᠭᠳᠡᠨ ᠢᠶᠠᠷ ᠨᠤᠲᠠᠯᠠᠵᠤ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠡᠷᠬᠡ ᠶᠢ ᠨᠢ | ᠲᠦᠷ ᠬᠠᠰᠤᠬᠤ ᠪᠠᠷ ᠰᠢᠳᠭᠡᠵᠤ᠂ ᠨᠡᠶᠢᠯᠡᠭᠦᠯᠦᠨ ᠲᠤᠷᠭᠠᠬᠤ ᠪᠤᠶᠤ ᠲᠠᠩ ᠲᠦᠷᠥᠯ ᠢᠶᠠᠷ ᠲᠤᠷᠭᠤᠭᠠᠨ ᠰᠢᠳᠭᠡᠵᠤ | ᠪᠣᠯᠣᠨ᠎ᠠ᠃ | ︵ᠭᠤᠷᠪᠠ︶ ᠨᠤᠲᠤᠭ ᠪᠡᠯᠴᠢᠭᠡᠷ ᠢ ᠨᠢᠭᠡᠨᠲᠡ ᠬᠠᠭᠠᠯᠪᠤᠷᠢᠯᠠᠭᠰᠠᠨ ᠬᠠᠭᠠᠯᠪᠤᠷᠢᠯᠠᠭᠴᠢ ᠳᠤ ᠬᠠᠮᠢᠶ᠎ᠠ ᠪᠦᠬᠦᠢ | ᠬᠠᠤᠯᠢ ᠶᠢᠨ ᠬᠠᠷᠢᠭᠤᠴᠠᠯᠭ᠎ᠠ ᠡᠭᠦᠷᠭᠡᠯᠡᠭᠦᠯᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠲᠣᠭᠲᠠᠭᠰᠠᠨ ᠬᠤᠭᠤᠴᠠᠭᠠᠨ ᠳᠣᠲᠣᠷ᠎ᠠ ᠡᠷᠬᠡᠪᠰᠢ ᠪᠦᠬᠦᠠ ᠢ ᠰᠡᠷᠭᠦᠭᠡᠯᠭᠡᠬᠦ ᠬᠡᠷᠡᠭᠲᠡᠢ᠃ ᠰᠡᠷᠭᠦᠭᠡᠬᠦ ᠶᠢ ᠲᠡᠪᠴᠢᠭᠰᠡᠨ | ᠪᠤᠶᠤ ᠰᠡᠷᠭᠦᠭᠡᠬᠦ ᠪᠠᠷᠢᠮᠵᠢᠶ᠎ᠠ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠯ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠯᠪᠠᠳᠠᠯᠭ᠎ᠠ ᠶᠢᠨ ᠴᠢᠨᠠᠷᠳᠠᠢ ᠤᠷᠤᠯᠠᠨ ᠰᠡᠷᠭᠦᠭᠡᠵᠥ᠂ ᠬᠡᠷᠡᠭᠰᠡᠬᠦ ᠵᠠᠷᠤᠳᠠᠯ ᠢ ᠬᠠᠭᠠᠯᠪᠤᠷᠢᠯᠠᠭᠴᠢ | ᠡᠭᠦᠷᠭᠡᠯᠡᠨ᠎ᠡ᠃ | ᠭᠤᠷᠪᠠ᠂ ᠤᠢ ᠰᠢᠭᠤᠶᠢᠲᠤ ᠤᠷᠤᠨ ᠤ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ | ᠴᠠᠭᠠᠵᠠᠯᠠᠨ᠎ᠠ | ︵ᠨᠢᠭᠡ︶ ᠬᠤᠰᠢᠭᠤᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ ᠪᠠᠷ 5 | ᠮᠦ ᠠᠴᠠ ᠳᠣᠷᠣᠭᠰᠢ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠪᠤᠯᠤᠨ 10 ᠮᠦ ᠠᠴᠠ ᠳᠣᠷᠣᠭᠰᠢ ᠲᠠᠸᠠᠷ ᠤᠨ | ᠣᠶ ᠰᠢᠭᠤᠢ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠤᠯ᠂ ᠬᠤᠰᠢᠭᠤᠨ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠬᠤᠴᠢᠯᠭ᠎ᠠ ᠪᠠ ᠣᠶ | ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠵᠦ᠂ ᠤᠷᠭᠤᠮᠠᠯ ᠤᠨ ᠬᠤᠴᠢᠯᠭ᠎ᠠ ᠪᠠ ᠣᠶ ᠰᠢᠭᠤᠢ ᠶᠢᠨ | ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠭᠤᠷᠪᠠᠨ ᠳᠠᠬᠢᠨ ᠠᠴᠠ ᠳᠣᠷᠣᠭᠰᠢ | ᠵᠣᠭᠤᠰ ᠢᠶᠠᠷ ᠲᠤᠷᠭᠤᠭᠠᠵᠤ ᠪᠤᠯᠤᠨ᠎ᠠ᠃ | ︵ᠬᠤᠶᠠᠷ︶ 5 ᠮᠤ᠋ ᠠᠴᠠ ᠳᠡᠭᠡᠭᠰᠢ ᠨᠡᠶᠢᠲᠡ ᠶᠢᠨ ᠠᠰᠠᠷᠠᠮᠵᠢ ᠶᠢᠨ ᠤᠢ ᠰᠢᠭᠤᠢ᠂ 10 ᠮᠤ᠋ ᠠᠴᠠ | ᠳᠡᠭᠡᠭᠰᠢ ᠲᠠᠸᠠᠷ ᠤᠨ ᠤᠢ ᠰᠢᠭᠤᠶᠢᠲᠤ ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠨ᠂ ᠭᠠᠵᠠᠷ | ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠲᠠᠷᠢᠶᠠᠨ ᠭᠠᠵᠠᠷ᠂ ᠤᠢ ᠰᠢᠭᠤᠶᠢᠳᠤ ᠭᠠᠵᠠᠷ | ᠤᠷᠤᠨ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠦᠭᠡᠳ ᠡᠵᠡᠯᠡᠭᠳᠡᠭᠰᠡᠨ | ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠤᠭᠰᠠᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠡᠪᠳᠡᠵᠦ | ᠰᠦᠢᠳᠬᠡᠭᠰᠡᠨ ᠬᠡᠮᠵᠢᠶ᠎ᠡ ᠨᠢ ᠠᠷᠪᠢᠨ ᠪᠤᠯ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠪᠡᠶ᠎ᠡ | ᠶᠢᠨ ᠡᠷᠬᠡ ᠶᠢ ᠨᠢ ᠲᠦᠷ ᠬᠠᠰᠤᠵᠤ ᠬᠤᠷᠢᠵᠤ ᠬᠦᠳᠡᠯᠮᠦᠷᠢᠯᠡᠭᠦᠯᠬᠦ ᠪᠠᠷ ᠰᠢᠳᠭᠡᠵᠤ᠂ ᠨᠡᠶᠢᠯᠡᠭᠦᠯᠦᠨ ᠲᠤᠷᠭᠤᠭᠠᠬᠤ | ᠪᠤᠶᠤ ᠲᠠᠩ ᠲᠦᠷᠥᠯ ᠢᠶᠠᠷ ᠲᠤᠷᠭᠤᠭᠠᠨ ᠰᠢᠳᠬᠡᠨ᠎ᠡ᠃ | ᠳᠤᠤᠷᠠᠬᠢ ᠪᠠᠶᠢᠳᠠᠯ ᠤᠳ ᠤᠨ ᠠᠯᠢ ᠨᠢᠭᠡ ᠵᠦᠢᠯ ᠳᠤ ᠬᠤᠯᠪᠤᠭᠳᠠᠪᠠᠯ ᠤᠢ ᠰᠢᠭᠤᠶᠢᠲᠤ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠳᠡᠭᠰᠡᠨ ᠤᠢ ᠰᠢᠭᠤᠶᠢᠲᠤ ᠭᠠᠵᠠᠷ ᠤᠨ ᠬᠡᠷᠡᠭᠴᠡᠭᠡ ᠶᠢ | ᠬᠤᠪᠢᠷᠠᠭᠤᠯᠤᠭᠰᠠᠨ ᠢᠶᠠᠷ ᠦᠵᠡᠨ᠎ᠡ ᠄ | ⒈ᠤᠢ ᠰᠢᠭᠤᠶᠢᠳᠤ ᠭᠠᠵᠠᠷ ᠳᠡᠭᠡᠷ᠎ᠡ ᠶᠤᠤ ᠪᠠᠶᠢᠭᠤᠯᠬᠤ᠂ ᠪᠤᠯᠠᠰᠢᠯᠠᠬᠤ᠂ ᠭᠡᠷ ᠪᠠᠷᠢᠬᠤ᠂ ᠵᠠᠮ ᠵᠠᠰᠠᠬᠤ | ᠂ ᠬᠠᠲᠠᠭᠤᠷᠠᠭᠤᠯᠬᠤ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠰᠡᠨ ᠃ | ⒉ ᠤᠢ ᠰᠢᠭᠤᠶᠢᠳᠤ ᠭᠠᠵᠠᠷ ᠳᠡᠭᠡᠷ᠎ᠡ ᠴᠢᠯᠠᠭᠤ ᠭᠠᠷᠭᠠᠬᠤ᠂ ᠬᠠᠶᠢᠷ ᠮᠠᠯᠲᠠᠬᠤ᠂ ᠰᠢᠷᠣᠢ ᠮᠠᠯᠲᠠᠬᠤ᠂ | ᠠᠭᠤᠷᠬᠠᠢ ᠮᠠᠯᠲᠠᠬᠤ ᠵᠡᠷᠭᠡ ᠠᠵᠢᠯᠯᠠᠭ᠎ᠠ ᠬᠢᠭᠰᠡᠨ᠃ | ⒊ᠤᠢ ᠰᠢᠭᠤᠶᠢᠳᠤ ᠭᠠᠵᠠᠷ ᠳᠡᠭᠡᠷ᠎ᠡ ᠪᠣᠬᠢᠷᠲᠤᠯ ᠲᠠᠢ ᠪᠣᠳᠠᠰ ᠭᠠᠳᠠᠭᠰᠢᠯᠠᠭᠤᠯᠤᠭᠰᠠᠨ᠂ ᠬᠠᠶᠠᠭᠳᠠᠮᠠᠯ | ᠪᠣᠳᠠᠰ ᠣᠪᠣᠭᠠᠯᠠᠭᠰᠠᠨ ᠪᠤᠶᠤ ᠤᠢ ᠰᠢᠭᠤᠢ ᠶᠢᠨ ᠪᠤᠰᠤ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ | ᠬᠢᠭᠰᠡᠨ ᠠᠴᠠ ᠪᠣᠯᠵᠤ ᠤᠢ ᠰᠢᠭᠤᠶᠢᠳᠤ ᠭᠠᠵᠠᠷ ᠤᠷᠤᠨ ᠢ ᠬᠦᠨᠳᠦ ᠨᠣᠴᠢᠲᠠᠢ ᠪᠤᠬᠢᠷᠳᠠᠭᠤᠯᠤᠬᠰᠠᠨ ᠪᠤᠶᠤ ᠤᠤᠯ ᠤᠨ | ᠤᠷᠭᠤᠮᠠᠯ ᠤᠨ ᠪᠦᠷᠬᠦᠴᠡ ᠂ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠬᠦᠨᠳᠦ ᠨᠣᠴᠢᠲᠠᠢ ᠡᠪᠳᠡᠭᠰᠡᠨ᠃ | | ᠳᠥᠷᠪᠡ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ | ︵ᠨᠢᠭᠡ︶ ᠨᠤᠲᠤᠭ ᠪᠡᠯᠴᠢᠭᠡᠷ ᠢ ᠬᠠᠤᠯᠢ ᠪᠤᠰᠤ ᠪᠠᠷ 20 ᠮᠦ ᠠᠴᠠ ᠳᠣᠷᠣᠭᠰᠢ ᠡᠵᠡᠯᠡᠨ᠂ ᠦᠨᠳᠦᠰᠦᠨ | ᠬᠡᠷᠡᠭᠴᠡᠭᠡ ᠶᠢ ᠨᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠶᠢᠪᠠᠯ᠂ ᠬᠤᠰᠢᠭᠤᠨ ᠱᠠᠲᠤᠨ ᠠᠴᠠ ᠳᠡᠭᠡᠭᠰᠢᠬᠢ | ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠴᠡ ᠶᠢ | ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠵᠦᠷᠢᠴᠡᠵᠥ ᠪᠠᠶᠢᠭᠠᠳ ᠣᠯᠣᠭᠰᠠᠨ ᠣᠯᠵᠠᠪᠤᠷᠢ ᠶᠢ ᠨᠢ | ᠬᠤᠷᠢᠶᠠᠨ ᠠᠪᠬᠤ ᠶᠢᠨ ᠬᠠᠮᠲᠤ᠂ ᠮᠦ ᠪᠦᠷᠢ ᠶᠢ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ | ᠳᠣᠷᠣᠭᠰᠢ ᠵᠣᠭᠤᠰ ᠢᠶᠠᠷ ᠲᠤᠷᠭᠤᠭᠠᠨ᠎ᠠ᠃ ᠵᠥᠪᠰᠢᠶᠡᠷᠡᠯ ᠣᠯᠣᠭᠰᠠᠨ ᠦᠭᠡᠢ ᠪᠤᠶᠤ ᠬᠠᠭᠤᠷᠤᠨ ᠮᠡᠬᠡᠯᠡᠵᠥ ᠪᠠᠶᠢᠭᠠᠳ | ᠵᠥᠪᠰᠢᠶᠡᠷᠡᠯ ᠤᠯᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠰᠡᠨ ᠪᠤᠯ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠨᠤᠲᠤᠭ ᠪᠡᠯᠴᠢᠭᠡᠷ ᠢ ᠨᠢ ᠪᠤᠴᠠᠭᠠᠯᠭᠠᠨ᠎ᠠ᠃ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠠᠴᠠ ᠵᠥᠷᠢᠴᠡᠨ ᠨᠤᠲᠤᠭ ᠪᠡᠯᠴᠢᠭᠡᠷ ᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠳᠤᠷ᠎ᠠ ᠪᠠᠷ ᠢᠶᠠᠨ ᠥᠭᠡᠷᠡᠴᠢᠯᠡᠭᠰᠡᠨ ᠪᠠᠶᠢᠪᠠᠯ᠂ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ ᠨᠢ ᠲᠣᠭᠲᠠᠭᠰᠠᠨ ᠬᠤᠭᠤᠴᠠᠭᠠᠨ ᠳᠣᠲᠣᠷ᠎ᠠ ᠨᠤᠷᠠᠭᠠᠵᠤ᠂ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ | ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠭᠦᠨ ᠤ ᠥᠷᠳᠡᠭ ᠤᠨ ᠬᠢᠨᠢ ᠵᠢᠷᠭᠤᠭᠠᠨ | ᠲᠡᠬᠢᠠ ᠠᠴᠠ ᠳᠡᠭᠡᠭᠰᠢ ᠠᠷᠪᠠᠨ ᠬᠤᠶᠠᠷ ᠲᠡᠬᠢᠠ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠠ᠃ | ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠲᠦᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ︵ᠬᠤᠶᠠᠷ︶ 20 ᠮᠤ᠋ ᠠᠴᠠ ᠳᠡᠭᠡᠭᠰᠢ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ᠂ ᠬᠡᠷᠡᠭᠴᠡᠭᠡ ᠶᠢ | ᠨᠢ ᠬᠤᠪᠢᠷᠠᠭᠤᠯᠤᠭᠰᠠᠨ ᠪᠤᠶᠤ ᠡᠰᠡᠭᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠡᠳ ᠵᠠᠰᠠᠭ | ᠵᠠᠬᠢᠷᠭᠠᠨ ᠤ ᠰᠢᠳᠭᠡᠯ ᠣᠯᠵᠤ ᠥᠩᠭᠡᠷᠡᠭᠰᠡᠨ ᠪᠥᠭᠡᠳ ᠭᠤᠷᠪᠠᠨ ᠵᠢᠯ ᠤᠨ ᠳᠣᠲᠣᠷ᠎ᠠ ᠪᠠᠰᠠ 10 ᠮᠤ᠋ ᠠᠴᠠ ᠳᠡᠭᠡᠭᠰᠢ | ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠴᠡᠭᠡ ᠶᠢ ᠨᠢ ᠬᠤᠪᠢᠷᠠᠭᠤᠯᠤᠭᠠᠳ᠂ ᠡᠷᠡᠭᠦᠦ ᠶᠢᠨ ᠬᠡᠷᠡᠭ ᠲᠤ | ᠬᠤᠯᠪᠤᠭᠳᠠᠭᠰᠠᠨ ᠪᠠᠶᠢᠪᠠᠯ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠡᠷᠬᠡ ᠶᠢ ᠨᠢ | ᠬᠠᠰᠤᠵᠤ᠂ ᠨᠡᠶᠢᠯᠡᠭᠦᠯᠦᠨ ᠰᠢᠳᠭᠡᠬᠦ ᠪᠤᠶᠤ ᠲᠠᠩ ᠲᠦᠷᠥᠯ ᠢᠶᠠᠷ ᠰᠢᠳᠬᠡᠨ᠎ᠡ᠃ | ᠳᠤᠤᠷᠠᠬᠢ ᠪᠠᠶᠢᠳᠠᠯ ᠤᠨ ᠠᠯᠢ ᠨᠢᠭᠡ ᠵᠦᠢᠯ ᠳᠤᠨᠢ ᠬᠤᠯᠪᠤᠭᠳᠠᠪᠠᠯ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ | ᠬᠡᠮᠵᠢᠶ᠎ᠡ ᠪᠠᠷ ᠡᠪᠳᠡᠨ ᠰᠦᠢᠳᠬᠡᠭᠰᠡᠨ ᠢᠶᠠᠷ ᠦᠵᠡᠨ᠎ᠡ᠄ | ⒈ᠨᠤᠲᠤᠭ ᠪᠡᠯᠴᠢᠭᠡᠷ ᠢ ᠬᠠᠭᠠᠯᠪᠤᠷᠢᠯᠠᠵᠤ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠤᠢ | ᠮᠣᠳᠣ ᠳᠠᠷᠢᠭᠰᠠᠨ᠃ | ⒉ ᠨᠤᠲᠤᠭ ᠪᠡᠯᠴᠢᠭᠡᠷ ᠳᠡᠭᠡᠷ᠎ᠡ ᠶᠤᠤ ᠪᠠᠶᠢᠭᠤᠯᠤᠭᠰᠠᠨ᠂ ᠭᠡᠷ ᠪᠠᠶᠢᠰᠢᠩ ᠪᠠᠷᠢᠭᠰᠠᠨ᠂ ᠵᠠᠮ ᠵᠠᠰᠠᠭᠰᠠᠨ᠂ | ᠬᠠᠶᠢᠷ ᠮᠠᠯᠲᠠᠭᠰᠠᠨ᠂ ᠴᠢᠯᠠᠭᠤ ᠭᠠᠷᠭᠠᠭᠰᠠᠨ᠂ ᠠᠭᠤᠷᠬᠠᠢ ᠮᠠᠯᠲᠠᠭᠰᠠᠨ᠂ ᠰᠢᠷᠣᠢ ᠠᠪᠤᠭᠰᠠᠨ᠂ ᠵᠦᠯᠭᠡ ᠵᠦᠰᠥᠭᠰᠡᠨ | ᠃ | ⒊ ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠢ ᠤᠪᠤᠭᠠᠯᠠᠭᠰᠠᠨ ᠪᠤᠶᠤ ᠭᠠᠳᠠᠭᠰᠢᠯᠠᠭᠤᠯᠤᠭᠠᠳ | ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠪᠦᠷᠬᠦᠴᠡ ᠶᠢ ᠬᠦᠨᠳᠦ ᠨᠣᠴᠢᠲᠠᠢ ᠡᠪᠳᠡᠭᠰᠡᠨ ᠪᠤᠶᠤ ᠬᠦᠨᠳᠦ | ᠨᠣᠴᠢᠲᠠᠢ ᠪᠤᠬᠢᠷᠳᠠᠭᠤᠯᠤᠬᠰᠠᠨ᠃ | ⒋ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠠᠴᠠ ᠵᠥᠷᠢᠴᠡᠨ ᠲᠡᠵᠢᠭᠡᠯ ᠡᠪᠡᠰᠦ ᠪᠠ ᠲᠡᠵᠢᠭᠡᠯ ᠪᠣᠷᠳᠣᠭᠠᠨ ᠤ ᠲᠠᠷᠢᠮᠠᠯ | ᠳᠠᠷᠢᠵᠤ᠂ ᠨᠤᠲᠤᠭ ᠪᠡᠯᠴᠢᠭᠡᠷ ᠢ ᠡᠯᠡᠰᠥᠷᠬᠡᠭᠵᠢᠭᠦᠯᠥᠭᠰᠡᠨ ᠪᠤᠶᠤ ᠤᠰᠤ ᠰᠢᠷᠣᠢ ᠶᠢ ᠬᠦᠨᠳᠦ ᠨᠣᠴᠢᠲᠠᠢ | ᠢᠳᠡᠭᠳᠡᠭᠦᠯᠥᠭᠰᠡᠨ᠃ | ⒌ ᠨᠤᠲᠤᠭ ᠪᠡᠯᠴᠢᠭᠡᠷ ᠢ ᠬᠦᠨᠳᠦ ᠨᠣᠴᠢᠲᠠᠢ ᠡᠪᠳᠡᠵᠦ ᠰᠦᠢᠳᠬᠡᠭᠰᠡᠨ ᠪᠤᠰᠤᠳ ᠪᠠᠶᠢᠳᠠᠯ᠃ | ᠲᠠᠪᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ | ᠬᠢᠬᠦ ᠬᠡᠷᠡᠭᠲᠡᠢ | ᠣᠳᠣᠬᠠᠨ ᠳᠤ ᠶᠠᠭ ᠣᠶ ᠰᠢᠭᠤᠢ ᠨᠤᠲᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠨ ᠤᠨᠲᠠᠷᠠᠭᠠᠬᠤ ᠪᠠ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠭ᠎ᠠ ᠪᠣᠯᠬᠤᠷ ᠡᠯ᠎ᠡ ᠭᠠᠵᠠᠷ | ᠣᠷᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠭᠡ ᠵᠤᠯᠭᠠᠯᠴᠠᠭ᠎ᠠ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠨ ᠬᠡᠮᠵᠢᠯᠳᠡ᠂ ᠤᠷᠢᠳᠴᠢᠯᠠᠨ ᠰᠡᠷᠡᠮᠵᠢᠯᠡᠭᠦᠯᠬᠦ᠂ ᠭᠠᠯ ᠤᠨ | ᠢᠷᠡᠯᠲᠡ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠤᠢ ᠰᠢᠭᠤᠢ᠂ ᠪᠡᠯᠴᠢᠭᠡᠷ᠂ ᠨᠤᠭᠤ ᠭᠠᠵᠠᠷ ᠵᠡᠷᠭᠡ | ᠣᠷᠣᠨ ᠪᠦᠰᠡ ᠳᠤ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ᠂ ᠬᠤᠸᠠᠷ ᠫᠤᠤᠵᠢᠩ ᠲᠠᠯᠪᠢᠬᠤ᠂ ᠬᠤᠭ ᠨᠤᠪᠰᠢ | ᠰᠢᠲᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠳᠢ᠃ | ᠭᠠᠯ ᠤᠨ ᠢᠷᠡᠯᠳᠡ ᠶᠢᠨ ᠵᠦᠢᠯ ᠪᠤᠶᠤ ᠨᠣᠴᠣᠮᠠᠲᠠᠭᠠᠢ ᠡᠳ᠋ ᠪᠣᠳᠠᠰ ᠢ ᠠᠪᠴᠤ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠣᠷᠣᠨ ᠪᠦᠰᠡ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠵᠢᠷᠭᠤᠭ᠎ᠠ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠷᠢᠯᠢᠭᠵᠢᠭᠤᠯᠬᠤ | ︵ ᠨᠢᠭᠡ︶ ᠵᠠᠰᠠᠭ ᠵᠠᠬᠢᠷᠭᠠᠨ ᠤ ᠰᠢᠳᠭᠡᠯ ᠤᠨ ᠲᠥᠷᠥᠯ | ᠨᠡᠶᠢᠲᠡ ᠶᠢᠨ ᠠᠰᠠᠷᠠᠮᠵᠢ ᠶᠢᠨ ᠣᠶ ᠶᠢ 5 ᠮᠦ ᠠᠴᠠ ᠳᠣᠭᠤᠭᠰᠢ᠂ ᠲᠠᠸᠠᠷ ᠤᠨ ᠣᠶ ᠶᠢ 10 ᠮᠦ ᠠᠴᠠ ᠳᠣᠭᠤᠭᠰᠢ | ᠬᠠᠤᠯᠢ ᠪᠤᠰᠤ ᠪᠠᠷ ᠬᠠᠭᠠᠯᠪᠤᠷᠢᠯᠠᠭᠰᠠᠨ᠂ ᠡᠵᠡᠯᠡᠨ ᠬᠡᠷᠡᠭᠯᠡᠭᠰᠡᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠶ ᠰᠢᠭᠤᠢ ᠶᠢᠨ ᠬᠠᠤᠯᠢ︾ ᠶᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠵᠡᠷᠭᠡ | ᠨᠢᠭᠡᠴᠡ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ᠃ 20 ᠮᠦ ᠠᠴᠠ | ᠳᠣᠷᠣᠭᠰᠢ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠠᠭᠠᠯᠪᠤᠷᠢᠯᠠᠭᠰᠠᠨ ᠪᠠᠶᠢᠪᠠᠯ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢ ᠦᠨᠳᠦᠰᠦᠯᠡᠨ᠂ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠵᠠᠰᠠᠭ ᠵᠠᠬᠢᠷᠭᠠᠨ ᠤ | ᠰᠢᠳᠭᠡᠯ ᠥᠭᠭᠦᠨ᠎ᠡ᠃ | ︵ᠬᠤᠶᠠᠷ︶ ᠡᠷᠡᠭᠦᠦ ᠶᠢᠨ ᠰᠢᠳᠭᠡᠯ ᠤᠨ ᠲᠦᠷᠦᠯ | ᠨᠡᠶᠢᠲᠡ ᠶᠢᠨ ᠠᠰᠠᠷᠠᠮᠵᠢ ᠶᠢᠨ ᠣᠶ ᠶᠢ 5 ᠮᠦ ᠠᠴᠠ ᠳᠡᠭᠡᠭᠰᠢ᠂ ᠲᠠᠸᠠᠷ ᠤᠨ ᠣᠶ ᠶᠢ 10 ᠮᠦ ᠠᠴᠠ ᠳᠡᠭᠡᠭᠰᠢ | ᠬᠠᠤᠯᠢ ᠪᠤᠰᠤ ᠪᠠᠷ ᠡᠵᠡᠯᠡᠨ ᠬᠠᠭᠠᠯᠪᠤᠷᠢᠯᠠᠭᠰᠠᠨ᠂ ᠨᠤᠲᠤᠭ ᠪᠡᠯᠴᠢᠭᠡᠷ ᠢ 20 ᠮᠦ ᠠᠴᠠ ᠳᠡᠭᠡᠭᠰᠢ ᠬᠠᠤᠯᠢ ᠪᠤᠰᠤ ᠪᠠᠷ | ᠡᠵᠡᠯᠡᠨ ᠬᠠᠭᠠᠯᠪᠤᠷᠢᠯᠠᠭᠠᠳ᠂ ᠶᠠᠯ᠎ᠠ ᠬᠢᠬᠦ ᠬᠡᠮᠵᠢᠶᠡᠨ ᠳᠤ ᠬᠦᠷᠥᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠠᠴᠠ ᠬᠠᠤᠯᠢ ᠲᠣᠭᠲᠠᠭᠠᠯ ᠶᠣᠰᠣᠭᠠᠷ ᠮᠦᠷᠳᠡᠨ ᠪᠠᠶᠢᠴᠠᠭᠠᠬᠤ ᠶᠢᠨ ᠬᠠᠮᠲᠤ᠂ ᠮᠦᠷᠳᠡᠨ ᠪᠠᠶᠢᠴᠠᠭᠠᠵᠤ | ᠳᠠᠭᠤᠰᠬᠠᠭᠰᠠᠨ ᠤ ᠳᠠᠷᠠᠭᠠᠬᠢ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠪᠠᠶᠢᠴᠠᠭᠠᠬᠤ ᠬᠤᠷᠢᠶ᠎ᠠ ᠳᠤ | ᠰᠢᠯᠵᠢᠭᠦᠯᠦᠨ ᠲᠤᠰᠢᠶᠠᠵᠤ᠂ ᠪᠠᠶᠢᠴᠠᠭᠠᠬᠤ ᠬᠤᠷᠢᠶ᠎ᠠ ᠠᠴᠠ ᠰᠢᠭᠦᠬᠦ ᠬᠤᠷᠢᠶ᠎ᠠ ᠳᠤ ᠡᠷᠡᠭᠦᠦ ᠶᠢᠨ ᠵᠠᠷᠭᠤ ᠬᠢᠨ᠎ᠡ᠃ | ︵ᠭᠤᠷᠪᠠ︶ ᠵᠤᠬᠢᠴᠠᠯᠳᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠴᠠᠭᠠᠬᠤ ᠬᠤᠷᠢᠶ᠎ᠠ᠂ | ᠰᠢᠭᠦᠬᠦ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠡᠯ᠎ᠡ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠲᠠᠯᠠᠪᠠᠶ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠭᠡᠬᠦ ᠬᠡᠷᠡᠭᠳᠡᠢ᠃ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ᠂ ᠡᠷᠡᠭᠦᠦ ᠶᠢᠨ ᠬᠡᠷᠡᠭ ᠤᠨ ᠬᠠᠤᠯᠢ ᠬᠡᠷᠡᠭᠵᠢᠬᠦᠯᠬᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠶᠢ | ᠪᠦᠲᠦᠮᠵᠢᠲᠡᠶ ᠵᠣᠯᠭᠠᠭᠤᠯᠬᠤ ᠶᠢ ᠴᠢᠩᠭᠠᠷᠠᠭᠤᠯᠤᠨ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠥ ᠠᠲᠠᠷ | ᠬᠠᠭᠠᠯᠪᠤᠷᠢᠯᠠᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠬᠡᠷᠡᠭ ᠢ ᠬᠤᠷᠳᠤᠨ ᠲᠦᠷᠭᠡᠨ ᠮᠦᠷᠳᠡᠨ ᠪᠠᠶᠢᠴᠠᠭᠠᠵᠤ᠂ ᠰᠢᠢᠳᠪᠦᠷᠢᠯᠡᠵᠦ᠂ ᠲᠠᠰᠤᠯᠤᠨ᠂ ᠬᠦᠴᠦᠷᠬᠡᠭ | ᠶᠡᠭᠡ ᠰᠦᠷ ᠬᠦᠴᠥᠨ ᠢ ᠪᠣᠶ ᠪᠣᠯᠭᠠᠵᠤ᠂ ᠪᠠᠴᠢᠮ ᠲᠤᠯᠭᠠᠮ᠎ᠠ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ᠃ | ᠲᠤᠯᠤᠭ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ | ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠶ ᠪᠣᠯ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠡᠯ᠎ᠡ ᠭᠠᠵᠠᠷ ᠣᠷᠣᠨ ᠤ ᠠᠳᠠᠯᠢ ᠪᠤᠰᠤ ᠨᠤᠲᠤᠭ ᠪᠡᠯᠴᠢᠭᠡᠷ ᠤᠨ | ᠲᠥᠷᠥᠯ ᠬᠡᠯᠪᠡᠷᠢ ᠶᠢ ᠦᠨᠳᠦᠰᠦᠯᠡᠨ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠪᠠᠶᠢᠳᠠᠯ ᠵᠡᠷᠭᠡ | ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ | ᠤᠬᠠᠭᠠᠨᠴᠢ ᠪᠠᠷ ᠬᠢᠨᠠᠨ ᠲᠣᠭᠲᠠᠭᠠᠬᠤ ᠶᠢᠨ ᠬᠠᠮᠲᠤ ᠵᠤᠬᠢᠰᠳᠠᠢ ᠲᠤᠭ᠎ᠠ ᠨᠤᠷᠮ᠎ᠠ ᠶᠢ ᠨᠡᠶᠢᠲᠡᠯᠡᠬᠦ ᠬᠡᠷᠡᠭᠲᠡᠢ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠢᠯᠡ ᠲᠣᠳᠣ ᠲᠡᠮᠳᠡᠭ ᠪᠠᠶᠢᠷᠢᠯᠠᠭᠤᠯᠵᠤ᠂ ᠬᠦᠷᠢᠶ᠎ᠡ ᠬᠡᠪᠴᠢᠶ᠎ᠡ᠂ | ᠠᠷᠭ᠎ᠠ ᠬᠡᠮᠵᠢᠶ᠎ᠡ᠂ ᠬᠠᠷᠢᠭᠤᠴᠠᠯᠭ᠎ᠠ ᠡᠭᠦᠷᠭᠡᠯᠡᠭᠴᠢ ᠵᠡᠷᠭᠡ ᠶᠢ ᠲᠣᠳᠣᠷᠬᠠᠶᠢᠯᠠᠵᠤ᠂ ᠪᠥᠬᠦ ᠵᠢᠯ ᠳᠤ ᠪᠡᠯᠴᠢᠭᠡᠷᠯᠡᠭᠦᠯᠵᠦ | ᠪᠣᠯᠬᠤ ᠦᠭᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠳᠦᠷᠢᠮ ᠪᠣᠯᠣᠨ ᠰᠡᠯᠬᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠡᠪᠡᠰᠦ | ᠨᠣᠭᠤᠭᠠᠷᠠᠬᠤ ᠬᠤᠭᠤᠴᠠᠭᠠᠨ ᠳᠤ ᠰᠡᠯᠭᠦᠨ ᠮᠠᠯᠵᠢᠬᠤ ᠬᠡᠷᠡᠭᠲᠡᠢ᠃ ᠬᠤᠰᠢᠭᠤᠨ ᠣᠶ ᠰᠢᠭᠤᠢ ᠪᠠᠯᠴᠢᠭᠡᠷ | ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠨᠢ ᠡᠯ᠎ᠡ ᠭᠠᠵᠠᠷ ᠣᠷᠣᠨ ᠲᠠᠢ ᠬᠠᠮᠲᠤᠷᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠲᠣᠭᠤᠷᠢᠨ ᠪᠠᠶᠢᠴᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠨᠠᠢᠮᠠ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠎ᠠ | ᠨᠡᠶᠢᠭᠡᠮ ᠤᠨ ᠡᠯ᠎ᠡ ᠡᠲᠡᠭᠡᠳ᠂ ᠺᠠᠳ᠋ᠷ ᠣᠯᠠᠨ ᠲᠦᠮᠡᠨ ᠢᠳᠡᠪᠬᠢᠲᠡᠢ ᠣᠷᠣᠯᠴᠠᠵᠤ᠂ ᠨᠡᠶᠢᠭᠡᠮ ᠨᠡᠶᠢᠲᠡ ᠶᠢᠨ | ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠡᠭᠡᠷ᠎ᠡ ᠳᠤᠷᠠᠳᠤᠭᠰᠠᠨ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃ ᠡᠯ᠎ᠡ ᠭᠠᠵᠠᠷ ᠣᠷᠣᠨ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠤᠲᠠᠰᠤ ᠶᠢ ᠲᠤᠰᠤᠭᠰᠠᠨ ᠲᠡᠷᠡ ᠳᠠᠷᠤᠢ ᠳᠤᠨᠢ ᠬᠢᠨᠠᠨ | ᠬᠠᠷᠭᠤᠭᠤᠯᠵᠤ᠂ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ | ᠠᠷᠤ ᠳᠤ ᠳᠠᠭᠠᠯᠳᠤᠭᠤᠯᠪᠠ᠃ | ᠶᠢᠰᠦ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠠᠲᠠᠷ | ᠬᠠᠭᠠᠯᠪᠤᠷᠢᠯᠠᠬᠤ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠳᠠᠭᠠᠯᠳᠤᠭᠤᠯᠤᠯ᠄ ᠣᠩᠨᠢᠭᠤᠳ ᠬᠤᠰᠢᠭᠤᠨ ᠤ ᠰᠢᠭᠤᠶᠢᠳᠤ ᠤᠷᠤᠨ ᠨᠤᠲᠤᠭ ᠪᠡᠯᠴᠢᠭᠡᠷ ᠢ ᠬᠠᠤᠯᠢ | ᠪᠤᠰᠤ ᠪᠠᠷ ︵ᠡᠵᠡᠯᠠᠨ︶ ᠬᠠᠭᠠᠯᠪᠤᠷᠢᠯᠠᠬᠤ ᠶᠢ ᠴᠠᠭᠠᠵᠠᠯᠠᠬᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ | ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 4 ᠰᠠᠷ᠎ᠠ ᠶᠢᠨ 9 ᠤ ᠡᠳᠦᠷ | ᠳᠠᠭᠠᠯᠳᠤᠭᠤᠯᠤᠯ᠄ | ᠣᠩᠨᠢᠭᠤᠳ ᠬᠤᠰᠢᠭᠤᠨ ᠤ ᠰᠢᠭᠤᠶᠢᠳᠤ ᠤᠷᠤᠨ ᠨᠤᠲᠤᠭ ᠪᠡᠯᠴᠢᠭᠡᠷ ᠢ ᠬᠠᠤᠯᠢ ᠪᠤᠰᠤ ᠪᠠᠷ ︵ᠡᠵᠡᠯᠡᠨ︶ | ᠬᠠᠭᠠᠯᠪᠤᠷᠢᠯᠠᠬᠤ ᠶᠢ ᠴᠠᠭᠠᠵᠠᠯᠠᠬᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ | ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠯᠪᠠᠨ ᠭᠡᠷ 0476 ︱ | 6340160 | ᠣᠩᠨᠢᠭᠤᠳ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ | 0476 ︱ 9323506 | ᠪᠤᠷᠤᠬᠤᠲᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6501029 | ᠴᠢᠶᠣᠤ ᠲᠧᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6518413 | ᠦᠳᠡ ᠶᠢᠨ ᠬᠤᠸᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ 0476 ︱ 6506368 | ᠭᠤᠸᠠᠩ ᠳ᠋ᠧ ᠬᠥᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ 0476 ︱ 6615003 | ᠦ᠋ ᠹᠧᠨ ᠳ᠋ᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476︱6506223 | ᠤᠳᠠᠨᠲᠤᠬᠤᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6417068 | ᠬᠠᠶᠢᠯᠠᠰᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6738003 | ᠶᠡᠭᠡ ᠬᠥᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6637475 | ᠵᠢᠶᠧ ᠹᠠᠩ ᠶᠢᠩᠽᠢ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ 0476 ︱ 6342800 | ᠮᠠᠭᠤ ᠱᠠᠩᠳᠠ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6666003 | ᠰᠢᠨᠡᠰᠦ᠋ᠮ᠎ᠡ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6755004 | ᠪᠠᠶᠠᠨᠲᠤᠬᠤᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6782003 | ᠠᠰᠢᠬᠠᠨ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6400003 | ᠭᠡᠷᠰᠡᠩ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | 0476 ︱ 6748555 | | | | |