ᠮᠥᠩᠬᠡ ᠵᠡᠭᠦᠨ ᠬᠡᠰᠡᠭ ᠤᠨ ᠰᠤᠮᠤ ᠰᠢᠶᠠᠩ  ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18᠎ ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠪᠠᠶᠠᠨᠲᠤᠬᠤᠢ ᠰᠤᠮᠤ᠂ ᠭᠡᠷᠰᠡᠩ ᠰᠤᠮᠤ᠂ ᠤᠳᠠᠨᠲᠤᠬᠤᠢ ᠪᠠᠯᠭᠠᠰᠤ ᠵᠡᠷᠭᠡ ᠭᠠᠵᠠᠷ ᠤᠳ ᠲᠤ ᠭᠦᠨᠵᠡᠭᠡᠶᠢᠷᠡᠨ᠂ ᠡᠯᠡᠰᠦ ᠶᠢ ᠵᠠᠰᠠᠬᠤ᠂ ᠬᠠᠪᠤᠷ ᠤᠨ ᠲᠠᠷᠢᠶᠠᠯᠠᠩ ᠦᠢᠯᠡᠳᠪᠦᠷᠢᠯᠡᠯ᠂ ᠤᠰᠤ ᠠᠷᠪᠢᠯᠠᠬᠤ ᠲᠠᠷᠢᠶᠠᠯᠠᠩ᠂ ᠭᠤᠤᠯᠳᠠᠯᠭᠠᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠤᠯᠤᠨ ᠰᠦ ᠶᠢᠨ ᠦᠢᠯᠡᠰ ᠢ  ᠬᠦᠭᠵᠢᠭᠦᠯᠬᠦ ᠵᠡᠷᠭᠡ ᠠᠵᠢᠯ ᠳᠤ  ᠪᠠᠶᠢᠴᠠᠭᠠᠯᠲᠠ ᠬᠢᠪᠡ᠃       ᠮᠥᠩᠬᠡ ᠨᠠᠷ ᠲᠤᠰ ᠲᠤᠰ  ᠪᠠᠶᠠᠨᠲᠤᠬᠤᠢ ᠰᠤᠮᠤ ᠶᠢᠨ᠂ ᠪᠤᠷᠤᠬᠤᠲᠠ ᠠᠴᠠ ᠪᠠᠶᠠᠨᠳᠤᠬᠤᠢ ᠬᠦᠷᠬᠦ ᠵᠠᠮ᠂ ᠭᠤᠷᠤᠬᠠᠨ ᠤ ᠡᠯᠡᠰᠦ ᠵᠠᠰᠠᠬᠤ ᠢᠨᠵᠧᠨᠧᠷᠢᠭ᠂ ᠸᠠᠩ ᠵᠢᠶᠠ ᠸᠠᠨ ᠽᠢ ᠭᠠᠴᠠᠭ᠎ᠠ ᠶᠢᠨ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠵᠡᠷᠭᠡ  ᠲᠦᠷᠦᠯ ᠵᠦᠢᠯ︔ ᠭᠡᠷᠰᠠᠩ  ᠰᠤᠮᠤ ᠶᠢᠨ ᠪᠦᠷᠢᠳᠦᠨ ᠭᠠᠴᠠᠭ᠎ᠠ  ᠎ ᠶᠢᠨ ᠬᠠᠷᠭᠠᠨ᠎ᠠ ᠶᠢ ᠪᠣᠷᠳᠤᠭ᠎ᠠ  ᠪᠤᠯᠭᠠᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠠ ᠡᠩᠭᠡᠷ ᠭᠠᠴᠠᠭ᠎ᠠ ᠶᠢᠨ ᠤᠰᠤ ᠪᠣᠷᠳᠣᠭᠤᠷ ᠢ ᠨᠢᠭᠡ  ᠴᠤᠭᠴᠠᠵᠢᠭᠤᠯᠬᠤ ᠲᠥᠬᠦᠭᠡᠷᠦᠮᠵᠢ ᠶᠢᠨ ᠲᠦᠷᠦᠯ ᠵᠦᠢᠯ ᠢ ᠪᠠᠶᠢᠴᠠᠭᠠᠨ ᠦᠵᠡᠭᠰᠡᠨ ᠤ ᠬᠠᠮᠲᠤ ᠤᠳᠠᠨᠳᠤᠬᠤᠢ ᠪᠠᠯᠭᠠᠰᠤᠨ ᠤ ᠶᠤᠸᠠᠨ ᠰᠢᠨ ᠶᠤᠸᠠᠨ  ᠺᠣᠮᠫᠠᠨᠢ ᠶᠢᠨ  ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠪᠣᠯᠣᠨ ᠰᠢᠨ ᠹᠦ᠋ ᠰᠠᠭᠠᠯᠢ ᠶᠢᠨ ᠦᠨᠢᠶ᠎ᠡ  ᠲᠡᠵᠢᠭᠡᠬᠦ ᠰᠠᠭᠤᠷᠢᠨ ᠭᠠᠵᠠᠷ ᠤᠨ ᠲᠦᠷᠦᠯ ᠵᠦᠢᠯ ᠢ ᠪᠠᠶᠢᠴᠠᠭᠠᠨ ᠰᠤᠳᠤᠯᠵᠠᠢ᠃      ᠮᠥᠩᠬᠡ ᠵᠢᠭᠠᠵᠤ ᠭᠠᠷᠭᠠᠭᠰᠠᠨ ᠨᠢ᠂ ᠪᠠᠶᠠᠨᠲᠤᠬᠤᠢ ᠰᠤᠮᠤ ᠎ ᠨᠢ ᠰᠢᠨ᠎ᠡ ᠡᠨᠧᠷᠭᠢ᠂ ᠲᠥᠬᠦᠭᠡᠷᠦᠮᠵᠢᠲᠦ ᠲᠠᠷᠢᠶᠠᠯᠠᠩ ᠵᠢᠴᠢ ᠣᠨᠴᠠᠯᠢᠭᠲᠤ ᠡᠭᠦᠯᠳᠡᠷ ᠤᠨ ᠲᠡᠵᠢᠭᠡᠪᠦᠷᠢ ᠲᠠᠢ ᠤᠶᠠᠯᠳᠤᠭᠤᠯᠵᠤ᠂ ᠠᠷᠠᠳ ᠢᠷᠭᠡᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠤᠷᠤᠨ ᠨᠢ ᠤᠳᠤ ᠦᠶ᠎ᠡ ᠶᠢᠨ ᠥᠨᠳᠥᠷ  ᠪᠦᠲᠦᠮᠵᠢᠲᠦ ᠤᠰᠤ ᠠᠷᠪᠢᠯᠠᠬᠤ ᠲᠠᠷᠢᠶᠠᠯᠠᠩ ᠤᠨ ᠵᠦᠢᠯᠡᠰ ᠢ ᠶᠡᠬᠡᠪᠡᠷ ᠲᠥᠯᠥᠪᠵᠢᠭᠦᠯᠦᠨ ᠬᠡᠷᠡᠭᠵᠢᠭᠦᠯᠵᠦ᠂ ᠦᠨᠡᠨ  ᠪᠤᠳᠠᠲᠤ ᠦᠷ᠎ᠡ ᠠᠰᠢᠭ ᠢᠶᠠᠷ ᠤᠯᠠᠨ ᠲᠦᠮᠡᠨ ᠤ ᠤᠰᠤ ᠠᠷᠪᠢᠯᠠᠬᠤ᠂ ᠠᠵᠤ ᠦᠢᠯᠡᠰ ᠢ ᠬᠥᠭᠵᠢᠭᠦᠯᠬᠦ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠲᠠᠷᠢᠶᠠᠯᠠᠩ ᠦᠢᠯᠡᠳᠪᠦᠷᠢᠯᠡᠯ ᠤᠨ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃    ᠮᠥᠩᠬᠡ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ‍ᠤᠳ‌ᠣᠳᠣᠬᠢᠴᠢᠯᠠᠭᠰᠠᠨ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂  ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠢ ᠳᠠᠰᠤᠷᠠᠯᠳᠠ ᠦᠭᠡᠢ ᠪᠣᠶᠢᠵᠢᠭᠤᠯᠤᠨ᠂ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号