ᠵᠠᠩ ᠭᠦᠸᠧ ᠬᠤᠸᠠ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/19
         4 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ  ᠬᠢᠪᠡ᠃  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠦ ᠴᠦᠨ ᠶᠦᠩ᠂ ᠬᠤᠰᠢᠭᠤᠨ ᠳᠡᠳ᠋ ᠳᠠᠷᠤᠭ᠎ᠠ  ᠴᠠᠭᠠᠨᠪᠠᠭᠠᠳᠤᠷ ᠬᠠᠮᠲᠤ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃       ᠴᠡᠭᠡᠨ ᠠᠴᠠ ᠪᠠᠶᠠᠨᠬᠤᠵᠢᠷ ᠬᠦᠷᠬᠦ  ᠪᠣᠯᠣᠨ   ᠤᠯᠠᠭᠠᠠᠤᠳᠤ ᠠᠴᠠ ᠵᠢᠷᠭᠤᠭᠠᠠᠭᠡᠷ ᠬᠦᠷᠬᠦ  ᠡᠯᠡᠰᠦ   ᠶᠢ ᠲᠤᠭᠤᠯᠬᠤ ᠵᠠᠰᠠᠮᠠᠯ ᠵᠠᠮ ᠤᠨ ᠠᠵᠢᠯᠯᠠᠬᠤ ᠲᠣᠭᠤᠷᠢᠭ ᠲᠤ  ᠬᠦᠷᠥᠭᠰᠡᠨ ᠤ ᠳᠠᠷᠠᠭ᠎ᠠ ᠵᠠᠩ ᠭᠦᠸᠧ ᠬᠤᠸᠠ  ᠨᠠᠷ ᠪᠠᠷᠢᠯᠭ᠎ᠠ ᠶᠢᠨ ᠠᠬᠢᠴᠠ᠂ ᠡᠯᠡᠰᠦ ᠶᠢ ᠵᠠᠰᠠᠬᠤ ᠡᠳ᠋ ᠪᠣᠳᠠᠰ ᠤᠨ ᠲᠡᠭᠡᠭᠡᠪᠦᠷᠢ ᠪᠣᠯᠣᠨ ᠪᠠᠷᠢᠯᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ  ᠤᠶᠢᠯᠠᠭᠠᠭᠰᠠᠨ ᠤ ᠬᠠᠮᠲᠤ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ  ᠡᠷᠬᠡᠪᠰᠢ ᠣᠯᠬᠤ ᠲᠤᠬᠠᠢ  ᠪᠤᠳᠠᠳᠠᠢ‌‍ᠱᠠᠭᠠᠷᠳᠠᠯᠭ᠎ᠠ  ᠳᠤᠷᠠᠳᠪᠠ᠃        ᠵᠠᠩ ᠭᠦᠸᠧ ᠬᠤᠸᠠ ᠴᠢᠬᠤᠯᠠᠴᠢᠯᠠᠭᠰᠠᠨ ᠨᠢ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ  ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠳᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ  ᠲᠦᠪᠯᠡᠷᠡᠭᠦᠯᠥᠨ᠂  ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ  ᠲᠡᠮᠡᠴᠡᠨ ᠤᠯᠬᠤ ᠬᠡᠷᠡᠭᠲᠡᠢ᠃  ︽ᠵᠠᠮ ᠢᠶᠠᠷ ᠡᠯᠡᠰᠦ ᠶᠢ ᠵᠠᠰᠠᠵᠤ᠂ ᠵᠠᠮ ᠢᠶᠠᠷ ᠪᠠᠶᠠᠵᠢᠬᠤ︾ ᠶᠢ ᠪᠠᠷᠢᠮᠲᠠᠯᠠᠵᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ᠨᠡᠶᠢᠲᠡᠯᠢᠭ ᠬᠡᠪ ᠵᠠᠭᠪᠤᠷ ᠢ ᠶᠡᠬᠡᠪᠡᠷ ᠳᠡᠯᠭᠡᠷᠡᠭᠦᠯᠵᠦ᠂ ᠨᠡᠩ ᠤᠯᠠᠨ ᠮᠠᠯᠴᠢᠨ ᠲᠠᠷᠢᠶᠠᠴᠢᠨ ᠤᠯᠠᠨ ᠲᠦᠮᠡᠨ ᠢ ᠡᠯᠡᠰᠦ ᠶᠢ  ᠰᠡᠷᠭᠡᠶᠢᠯᠡᠨ ᠵᠠᠰᠠᠬᠤ ᠳᠤ ᠣᠷᠣᠯᠴᠠᠬᠤ ᠪᠠᠷ ᠳᠠᠮᠵᠢᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠨᠠᠩ ᠣᠯᠠᠨ ᠠᠵᠤ ᠠᠬᠤᠶᠢᠯᠠᠯ᠂ ᠨᠡᠶᠢᠭᠡᠮ ᠤᠨ ᠬᠦᠴᠦᠨ ᠪᠠ ᠮᠠᠯᠴᠢᠨ ᠲᠠᠷᠢᠶᠠᠴᠢᠨ ᠣᠯᠠᠨ ᠲᠦᠮᠡᠨ ᠢ ᠵᠣᠷᠢᠭᠵᠢᠭᠤᠯᠤᠨ  ᠡᠯᠡᠰᠦᠷᠬᠡᠭ ᠭᠠᠵᠠᠷ ᠢ ᠵᠠᠰᠠᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠪᠠ ᠠᠷᠠᠳ ᠢ ᠪᠠᠶᠠᠵᠢᠭᠤᠯᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠥᠷᠭᠡᠨ ᠢᠶᠠᠷ ᠣᠷᠣᠯᠴᠠᠭᠤᠯᠵᠤ᠂ ᠡᠯᠡᠰᠦ ᠶᠢ ᠵᠠᠰᠠᠬᠤ   ᠶᠢᠨ ᠬᠠᠮᠲᠤ ᠪᠠᠶᠠᠵᠢᠭᠤᠯᠬᠤ᠂ ᠡᠯᠡᠰᠦ ᠶᠢ ᠵᠠᠰᠠᠬᠤ   ᠶᠢᠨ ᠳᠠᠭᠠᠤ ᠠᠵᠤ ᠦᠢᠯᠡᠰ ᠢ ᠪᠤᠵᠠᠭᠠᠶᠢᠷᠠᠭᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ  ᠭᠡᠪᠡ᠃       ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠲᠣᠭᠤᠷᠢᠭ ᠲᠤ᠂ ᠵᠠᠩ ᠭᠦᠸᠧ ᠬᠤᠸᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠵᠠᠭᠪᠤᠷ᠂ ᠬᠤᠶᠢᠰᠢᠳᠠ ᠶᠢᠨ ᠠᠵᠤ ᠦᠢᠯᠡᠰ ᠤᠨ ᠬᠥᠭᠵᠢᠯᠲᠡ ᠪᠣᠯᠣᠨ ᠤᠯᠠᠨ ᠲᠦᠮᠡᠨ ᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠡᠷᠭᠡ ᠪᠠᠶᠢᠳᠠᠯ ᠢ ᠨᠠᠷᠢᠨ  ᠤᠶᠢᠯᠠᠭᠠᠭᠰᠠᠨ ᠤ ᠳᠠᠷᠠᠭ᠎ᠠ  ᠴᠢᠬᠤᠯᠠᠴᠢᠯᠠᠭᠰᠠᠨ ᠨᠢ᠂ ︽ ᠨᠤᠭᠤᠭᠠᠷᠠᠭᠤᠯᠤᠯᠳᠠ ᠪᠠᠷ ᠪᠠᠶᠠᠵᠢᠬᠤ᠂ ᠡᠯᠡᠰᠦ  ᠶᠢ  ᠵᠠᠰᠠᠨ  ᠤᠷᠤᠯᠭ᠎ᠠ ᠪᠤᠯᠭᠠᠬᠤ︾ ᠠᠵᠢᠯ ᠢ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠨ ᠵᠠᠰᠠᠬᠤ ᠶᠢ ᠠᠵᠤ ᠦᠢᠯᠡᠰ ᠪᠠ ᠠᠵᠠ ᠲᠣᠬᠢᠶᠠᠯ ᠪᠤᠯᠭᠠᠵᠤ᠂ ᠡᠯᠡᠰᠦᠷᠬᠡᠭᠵᠢᠬᠦ ᠶᠢ  ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ  ᠬᠡᠷᠡᠯ ᠴᠡᠨᠡᠭ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠵᠠᠭᠪᠤᠷ ᠤᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠪᠣᠶ  ᠪᠤᠯᠭᠠᠬᠤ ᠬᠡᠷᠡᠭᠳᠡᠢ᠃  ᠬᠡᠷᠡᠯ ᠴᠡᠨᠡᠭ ᠤᠨ ᠪᠦᠲᠥᠭᠡᠨ ᠪᠠᠶᠢᠭᠤᠯᠤᠯᠳᠠ ᠶᠢᠨ ᠲᠠᠷᠢᠶᠠᠯᠠᠩ  ᠂ ᠮᠠᠯ ᠠᠵᠤ ᠠᠬᠤᠢ  ᠂ ᠣᠶ ᠰᠢᠭᠤᠢ ᠲᠠᠢ ᠬᠠᠷᠢᠯᠴᠠᠨ ᠨᠥᠬᠦᠪᠦᠷᠢᠯᠡᠬᠦ  ᠵᠠᠭᠪᠤᠷ ᠢᠶᠠᠷ ᠳᠠᠮᠵᠢᠭᠤᠯᠤᠨ᠂ ᠰᠢᠨ᠎ᠡ ᠡᠨᠧᠷᠭᠢ   ᠶᠢ ᠡᠯᠡᠰᠦᠷᠬᠡᠭᠵᠢᠬᠦ ᠶᠢ  ᠰᠡᠷᠭᠡᠶᠢᠯᠡᠨ ᠵᠠᠰᠠᠬᠤ᠂ ᠡᠪᠡᠰᠦ ᠳᠠᠷᠢᠬᠤ᠂ ᠣᠨᠴᠠᠯᠢᠭᠲᠤ ᠲᠡᠵᠢᠭᠡᠨ ᠦᠷᠡᠵᠢᠭᠦᠯᠬᠦ᠂ ᠠᠮᠢ ᠠᠬᠤᠢ ᠶᠢᠨ ᠵᠢᠭᠤᠯᠴᠢᠯᠠᠯ ᠵᠡᠷᠭᠡ ᠠᠵᠤ ᠦᠢᠯᠡᠰ  ᠲᠠᠢ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠠᠮᠢ ᠠᠬᠤᠢ᠂ ᠠᠵᠤ ᠠᠬᠤᠢ ᠂ ᠨᠡᠶᠢᠭᠡᠮ ᠤᠨ ᠦᠷ᠎ᠡ ᠠᠰᠢᠭ ᠵᠡᠷᠭᠡ ᠭᠤᠷᠪᠠᠨ ᠦᠷ᠎ᠡ ᠠᠰᠢᠭ ᠢ ᠨᠢᠭᠡᠳᠬᠡᠬᠦ ᠶᠢ ᠴᠢᠷᠮᠠᠶᠢᠨ  ᠪᠡᠶᠡᠯᠡᠭᠦᠯᠬᠦ ᠬᠡᠷᠡᠭᠳᠡᠢ ᠭᠡᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号