ᠬᠤᠰᠢᠭᠤᠨ  ᠵᠠᠰᠠᠭ ᠤᠨ ᠣᠷᠳᠣᠨ 2024 ᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
    4 ᠰᠠᠷ᠎ᠠ ᠶᠢᠨ 17 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠰᠢᠭᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠬᠡᠰᠡᠭ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ  ᠵᠢᠴᠢ ᠭᠤᠤᠯᠳᠠᠯᠭᠠᠲᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ  ᠳᠠᠭᠠᠨ ᠪᠠᠶᠢᠷᠢᠯᠠᠭᠤᠯᠤᠯᠲᠠ  ᠬᠢᠵᠡᠢ᠃ ᠭᠤᠸ ᠶᠦᠩ ᠦ᠋᠂ ᠸᠠᠩ ᠵᠢᠶᠦ᠋ᠨ ᠵᠢᠶᠦ᠋ᠨ᠂ ᠳ᠋ᠦᠩ ᠵᠢᠦ ᠪᠢᠩ᠂ ᠳ᠋ᠠᠢ ᠢᠦᠢ ᠬᠤᠸᠠ᠂ ᠸᠠᠩ ᠶᠦᠩ ᠯᠢ᠂ ᠳᠤᠪᠳᠤᠨᠰᠡᠩᠬᠡ᠂ ᠵᠠᠩ ᠴᠢᠶᠠᠩ᠂ ᠴᠧᠨ ᠹᠧᠢ ᠬᠤ᠋ ᠨᠠᠷ ᠬᠤᠷᠠᠯ ᠳᠤ ᠣᠷᠣᠯᠴᠠᠵᠤ᠂ ᠯᠢ ᠬᠤᠢ ᠬᠤᠷᠠᠯ ᠬᠤᠷᠠᠯ ᠳᠤ ᠰᠤᠯᠠ ᠣᠷᠣᠯᠴᠠᠵᠠᠢ᠃      ᠬᠤᠷᠠᠯ ᠠᠴᠠ  ᠂ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠢ ᠶᠢᠨ ᠭᠦᠢᠴᠡᠳᠬᠡᠯ ᠲᠤᠭ᠎ᠠ᠂ ᠭᠤᠤᠯᠳᠠᠯᠭᠠᠲᠤ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ  ᠢ ᠴᠢᠩᠭ᠎ᠠ ᠠᠳᠬᠤᠨ᠂  ᠴᠠᠭ ᠲᠣᠬᠢᠶᠠᠯ ᠢ ᠠᠮᠵᠢᠨ᠂ ᠨᠠᠩ  ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠭᠤᠤᠯᠳᠠᠯᠭᠠᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠬᠦ  ᠳᠤ ᠰᠠᠭᠤᠷᠢ ᠲᠠᠯᠪᠢᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠲᠣᠭᠲᠠᠭᠰᠠᠨ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ᠪᠠᠶᠢᠴᠠᠭᠠᠨ  ᠰᠤᠳᠤᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠵᠡᠷᠭᠡ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠩ ᠣᠯᠠᠨ ᠲᠥᠷᠥᠯ ᠵᠦᠢᠯ ᠤᠨ ᠠᠵᠢᠯ ᠢᠶᠠᠨ ᠲᠦᠷᠭᠡᠨ ᠡᠬᠢᠯᠡᠭᠦᠯᠬᠦ ᠶᠢ ᠳᠦᠯᠬᠢᠨ ᠠᠬᠢᠭᠤᠯᠵᠤ᠂  ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠵᠠᠪᠠᠯ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠠᠭ ᠢᠮᠠᠭᠲᠠ ᠴᠢᠩᠭ᠎ᠠ ᠠᠳᠬᠤᠨ᠂ ︽ᠠᠶᠤᠯᠭᠦᠢ ᠦᠢᠯᠡᠳᠪᠦᠷᠢᠯᠡᠯ  ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ︾ ᠲᠠᠢ ᠤᠶᠠᠯᠳᠤᠭᠤᠯᠵᠤ᠂  ᠭᠤᠤᠯᠳᠠᠯᠭᠠᠲᠤ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠤᠨ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号