ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ  ᠬᠤᠷᠢᠶ᠎ᠠ  112 ᠳ᠋ᠤᠭᠠᠷ ᠤᠳᠠᠭᠠᠨ ᠤ  ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/25
         4 ᠰᠠᠷ᠎ᠠ ᠶᠢᠨ 23᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ  ᠬᠤᠷᠢᠶᠠᠨ ᠤ 112 ᠳ᠋ᠤᠭᠠᠷ ᠤᠳᠠᠭᠠᠨ ᠤ  ᠬᠤᠷᠠᠯ ᠢ ᠡᠷᠭᠢᠯᠡᠨ ᠬᠤᠷᠠᠯᠳᠤᠭᠤᠯᠪᠠ᠃  ᠮᠦᠩᠬᠡ᠂ ᠰᠦᠨ ᠮᠢᠩ ᠲᠤᠤ᠂ ᠾᠧᠦ ᠭᠦᠸᠧ ᠵᠢᠩ᠂ ᠯᠢ ᠶᠠ ᠵᠢᠶᠦ᠋ᠨ᠂  ᠬᠤ᠋  ᠹᠧᠩ ᠶᠠᠨ᠂  ᠭᠧᠩ ᠸᠧᠢ ᠳ᠋ᠦᠩ᠂ ᠵᠦ ᠴᠦᠨ ᠶᠦᠩ᠂ ᠵᠠᠩ ᠵᠢᠦ ᠫᠦᠸᠧ ᠬᠤᠷᠠᠯ ᠳᠤ ᠣᠷᠣᠯᠴᠠᠪᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠎ ᠤᠨ  ︽ ᠠᠩᠴᠢᠨ ᠪᠦᠷᠭᠦᠳ ᠤᠨ ᠭᠠᠪᠰᠢᠭᠠᠢ ᠠᠩᠭᠢ︾ ᠎ ᠶᠢᠨ ᠪᠦᠬᠦ ᠭᠡᠰᠢᠭᠦᠳ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠪᠠ  ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ︽ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︿ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠰᠠᠨᠠᠯ ᠤᠳ﹀᠎ ᠢ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯ ᠤᠨ ᠠᠷᠭ᠎ᠠ ᠬᠡᠮᠵᠢᠶ᠎ᠡ︾᠎ ᠶᠢ ᠬᠢᠨᠠᠨ ᠶᠠᠷᠢᠯᠴᠠᠵᠤ ᠪᠠᠲᠤᠯᠠᠪᠠ  ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠤᠷᠤᠯᠴᠠᠨ  ᠳᠤᠭᠤᠰᠢᠯᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠤᠯᠠᠮᠵᠢᠯᠠᠨ ᠰᠤᠷᠤᠯᠴᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂  ᠥᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ  ᠪᠡᠶᠡᠯᠡᠭᠦᠯᠬᠦ᠂  ᠬᠠᠮᠠᠭᠠᠯᠠᠬᠤ᠂  ᠬᠥᠭᠵᠢᠭᠦᠯᠬᠦ ᠶᠢ ᠢᠮᠠᠭᠲᠠ  ᠦᠨᠳᠦᠰᠦᠨ ᠵᠠᠷᠴᠢᠮ ᠪᠣᠯᠭᠠᠬᠤ ᠬᠡᠷᠡᠭᠲᠡᠢ ᠃ ᠬᠤᠰᠢᠭᠤᠨ  ᠎ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠬᠢᠨᠠᠯᠲᠠ  ᠲᠠᠯᠪᠢᠬᠤ ᠰᠠᠬᠢᠯᠭ᠎ᠠ  ᠳᠦᠷᠢᠮ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ᠂ ᠬᠡᠯᠪᠡᠷᠢᠴᠢ ᠦᠵᠡᠯ ᠨᠣᠶᠠᠨᠴᠢ ᠰᠤᠷᠲᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠳᠤ ᠲᠥᠪ ᠭᠤᠥᠯᠴᠢ ᠰᠢᠳᠤᠷᠭᠤ ᠶᠣᠰᠣ ᠶᠢ  ᠮᠡᠳᠡᠷᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠯᠴᠠᠨ ᠬᠠᠮᠵᠢᠯᠴᠠᠵᠤ᠂ᠬᠠᠮᠲᠤᠷᠠᠯ ᠤᠨ ᠬᠦᠴᠦᠨ ᠢ ᠪᠦᠷᠢᠯᠳᠥᠭᠦᠯᠥᠨ᠂ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ  ᠴᠢᠩᠭᠠᠷᠠᠭᠤᠯᠬᠤ ᠬᠡᠷᠡᠭᠲᠡᠢ ᠭᠡᠵᠥ ᠴᠢᠩᠭᠠᠳᠬᠠᠭᠰᠠᠨ ᠪᠠᠶᠢᠨ᠎ᠠ᠃      ᠬᠤᠷᠠᠯ  ᠎ ᠠᠴᠠ ᠴᠢᠬᠤᠯᠠᠴᠢᠯᠠᠭᠰᠠᠨ ᠨᠢ᠂ ᠣᠩᠨᠢᠭᠤᠳ ᠬᠤᠰᠢᠭᠤᠨ ᠤ ︽ᠲᠠᠪᠤᠨ ᠶᠡᠭᠡ ᠡᠭᠦᠷᠭᠡ︾᠎ ᠶᠢᠨ ᠡᠯ᠎ᠡ ᠲᠤᠰᠬᠠᠢ ᠳᠤᠭᠤᠶᠢᠯᠠᠩ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠣᠰ ᠲᠣᠰ ᠤᠨ ᠬᠠᠷᠢᠭᠤᠴᠠᠯᠭ᠎ᠠ ᠶᠢᠨ ᠬᠤᠪᠢᠶᠠᠷᠢᠯᠠᠯ᠂ ᠡᠭᠦᠷᠭᠡ ᠴᠢᠳᠠᠪᠤᠷᠢ ᠎ ᠲᠠᠢ ᠪᠠᠨ ᠬᠠᠷᠢᠴᠠᠭᠤᠯᠤᠨ᠂ ᠬᠡᠷᠡᠭᠵᠢᠭᠦᠯᠬᠦ ᠲᠥᠰᠥᠯ ᠢ ᠬᠢᠨᠠᠮᠠᠭᠠᠢ ᠰᠤᠷᠤᠯᠴᠠᠨ ᠰᠤᠳᠤᠯᠵᠤ᠂ ᠲᠠᠪᠤᠨ ᠶᠡᠭᠡ ᠡᠭᠦᠷᠭᠡ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ ᠵᠠᠰᠠᠨ ᠲᠡᠭᠦᠯᠳᠡᠷᠵᠢᠭᠦᠯᠵᠦ᠂ ︽ᠲᠠᠪᠤᠨ ᠶᠡᠭᠡ ᠡᠭᠦᠷᠭᠡ︾᠎ ᠶᠢ ᠨᠠᠷᠢᠨ   ᠬᠢᠨᠠᠮᠠᠭᠠᠢ ᠨᠠᠶᠢᠳᠠᠪᠤᠷᠢᠵᠢᠭᠤᠯᠬᠤ ᠶᠢ ᠢᠳᠡᠪᠬᠢᠲᠡᠢ  ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ  ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号