| | 29 ᠳᠠᠬᠢ ᠤᠳᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠳᠤ᠂ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠬᠤᠰᠢᠭᠤᠨ ᠤ ᠨᠣᠮ | ᠤᠩᠰᠢᠬᠤ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ ︽ᠤᠮᠠᠷᠠᠲᠤ ᠬᠢᠯᠢ ᠶᠢᠨ ᠤᠩᠰᠢᠯᠭ᠎ᠠ · ᠨᠤᠮ ᠠᠩᠭᠢᠯᠤᠭᠰᠠᠨ | ᠤᠯᠠᠭᠠᠨᠬᠠᠳᠠ ︾ ᠪᠥᠬᠦ ᠲᠦᠮᠡᠨ ᠢᠶᠠᠷ ᠢᠶᠠᠨ ᠨᠤᠮ ᠤᠩᠰᠢᠬᠤ ︽ᠳᠡᠯᠡᠬᠡᠢ ᠶᠢᠨ ᠨᠣᠮ ᠤᠩᠰᠢᠬᠤ ᠡᠳᠦᠷ︾ ᠤᠨ | ᠭᠤᠣᠯ ᠰᠡᠳᠦᠪᠲᠦ ᠠᠵᠢᠯᠯᠠᠭ᠎ᠠ 4 ᠰᠠᠷ᠎ᠠ ᠶᠢᠨ 23 ᠤ ᠡᠳᠦᠷ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠲᠤ | ᠵᠢᠩᠬᠢᠨᠢ ᠪᠠᠷ ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠬᠤ᠋ ᠹᠧᠩ ᠶᠠᠨ ᠠᠵᠢᠯᠯᠠᠭ᠎ᠠ ᠳᠤ ᠣᠷᠣᠯᠴᠠᠵᠤ᠂ ᠰᠠᠨᠠᠭᠠᠴᠢᠯᠠᠭ᠎ᠠ ᠶᠢᠨ ᠪᠢᠴᠢᠭ ᠳᠡᠭᠡᠷ᠎ᠡ | ᠭᠠᠷ ᠤᠨ ᠦᠰᠦᠭ ᠵᠢᠷᠤᠪᠠ᠃ | ᠠᠵᠢᠯᠯᠠᠭ᠎ᠠ ᠳᠡᠭᠡᠷ᠎ᠡ ᠭᠤᠣᠯᠯᠠᠨ ᠡᠷᠭᠢᠯᠡᠭᠰᠡᠨ ᠨᠢᠭᠡᠴᠡ ᠶᠢᠨ ᠬᠢᠨ ᠨᠣᠮ ᠲᠠᠨᠢᠯᠴᠠᠭᠤᠯᠬᠤ᠂ ᠤᠷᠠᠨ | ᠪᠢᠴᠢᠯᠭᠡ ᠶᠢᠨ ᠳᠡᠯᠭᠡᠨ ᠦᠵᠡᠭᠦᠯᠥᠯᠭᠡ᠂ ᠤᠩᠰᠢᠯᠭ᠎ᠠ ᠶᠢᠨ ᠲᠦᠷᠥᠭᠳᠡᠯ ᠢᠶᠠᠨ ᠰᠤᠯᠢᠯᠴᠠᠬᠤ᠂ ᠤᠶᠠᠩᠭᠠᠯᠠᠨ | ᠰᠢᠯᠥᠭᠯᠡᠬᠦ᠂ ᠵᠡᠷᠭᠡ ᠭᠤᠭᠴᠤᠭ᠎ᠠ ᠪᠠᠷ ᠳᠠᠮᠵᠢᠨ᠂ ᠤᠯᠠᠨ ᠲᠦᠮᠡᠨ ᠢ ᠵᠢᠯᠤᠭᠤᠳᠴᠤ᠂ ᠨᠤᠮ ᠤᠩᠰᠢᠬᠤ ᠲᠤᠷᠠᠲᠠᠢ | ᠪᠤᠯᠬᠤ᠂ ᠰᠠᠶᠢᠨ ᠨᠤᠮ ᠢ ᠰᠤᠩᠭᠤᠨ ᠤᠩᠰᠢᠬᠤ ᠪᠤᠯᠭᠠᠬᠤ ᠪᠠᠷ ᠪᠠᠷᠠᠬᠤ ᠦᠭᠡᠢ᠂ ᠰᠠᠭᠤᠭᠠᠯᠢ ᠲᠦᠮᠡᠨ ᠢ | ᠤᠷᠢᠶᠠᠯᠠᠨ᠂ ᠬᠠᠮᠲᠤ ᠪᠠᠷ ᠨᠤᠮ ᠤᠩᠰᠢᠬᠤ ᠰᠠᠶᠢᠨ ᠰᠠᠶᠢᠬᠠᠨ ᠳᠠᠳᠬᠠᠯ ᠲᠠᠢ ᠪᠤᠯᠬᠤ᠂ ᠡᠷᠳᠡᠮ ᠮᠡᠳᠡᠯᠭᠡ ᠶᠢ | ᠬᠦᠨᠳᠥᠳᠭᠡᠬᠦ᠂ ᠨᠤᠮ ᠬᠠᠳᠠᠭᠠᠯᠠᠬᠤ ᠵᠡᠷᠭᠡ ᠶᠢ ᠵᠤᠷᠢᠭᠵᠢᠭᠤᠯᠤᠭᠰᠠᠨ ᠪᠠᠶᠢᠨ᠎ᠠ ᠃ | | |