ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ  ᠬᠤᠷᠢᠶ᠎ᠠ  112 ᠳ᠋ᠤᠭᠠᠷ ᠤᠳᠠᠭᠠᠨ ᠤ  ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/25
         4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ  ᠬᠤᠷᠢᠶᠠᠨ ᠤ 112 ᠳ᠋ᠤᠭᠠᠷ ᠤᠳᠠᠭᠠᠨ ᠤ  ᠬᠤᠷᠠᠯ ᠢ ᠡᠷᠭᠢᠯᠡᠨ ᠬᠤᠷᠠᠯᠳᠤᠭᠤᠯᠪᠠ᠃  ᠮᠦᠩᠬᠡ᠂ ᠰᠦᠨ ᠮᠢᠩ ᠲᠤᠤ᠂ ᠾᠧᠦ ᠭᠦᠸᠧ ᠵᠢᠩ᠂ ᠯᠢ ᠶᠠ ᠵᠢᠶᠦ᠋ᠨ᠂  ᠬᠤ᠋  ᠹᠧᠩ ᠶᠠᠨ᠂  ᠭᠧᠩ ᠸᠧᠢ ᠳ᠋ᠦᠩ᠂ ᠵᠦ ᠴᠦᠨ ᠶᠦᠩ᠂ ᠵᠠᠩ ᠵᠢᠦ ᠫᠦᠸᠧ ᠬᠤᠷᠠᠯ ᠳᠤ ᠣᠷᠣᠯᠴᠠᠪᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ   ᠤᠨ  ︽ ᠠᠩᠴᠢᠨ ᠪᠦᠷᠭᠦᠳ ᠤᠨ ᠭᠠᠪᠰᠢᠭᠠᠢ ᠠᠩᠭᠢ︾  ᠶᠢᠨ ᠪᠦᠬᠦ ᠭᠡᠰᠢᠭᠦᠳ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠪᠠ  ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ︽ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︿ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠰᠠᠨᠠᠯ ᠤᠳ﹀ ᠢ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯ ᠤᠨ ᠠᠷᠭ᠎ᠠ ᠬᠡᠮᠵᠢᠶ᠎ᠡ︾ ᠶᠢ ᠬᠢᠨᠠᠨ ᠶᠠᠷᠢᠯᠴᠠᠵᠤ ᠪᠠᠲᠤᠯᠠᠪᠠ  ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠤᠷᠤᠯᠴᠠᠨ  ᠳᠤᠭᠤᠰᠢᠯᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠤᠯᠠᠮᠵᠢᠯᠠᠨ ᠰᠤᠷᠤᠯᠴᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂  ᠥᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ  ᠪᠡᠶᠡᠯᠡᠭᠦᠯᠬᠦ᠂  ᠬᠠᠮᠠᠭᠠᠯᠠᠬᠤ᠂  ᠬᠥᠭᠵᠢᠭᠦᠯᠬᠦ ᠶᠢ ᠢᠮᠠᠭᠲᠠ  ᠦᠨᠳᠦᠰᠦᠨ ᠵᠠᠷᠴᠢᠮ ᠪᠣᠯᠭᠠᠬᠤ ᠬᠡᠷᠡᠭᠲᠡᠢ ᠃ ᠬᠤᠰᠢᠭᠤᠨ   ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠬᠢᠨᠠᠯᠲᠠ  ᠲᠠᠯᠪᠢᠬᠤ ᠰᠠᠬᠢᠯᠭ᠎ᠠ  ᠳᠦᠷᠢᠮ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ᠂ ᠬᠡᠯᠪᠡᠷᠢᠴᠢ ᠦᠵᠡᠯ ᠨᠣᠶᠠᠨᠴᠢ ᠰᠤᠷᠲᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠳᠤ ᠲᠥᠪ ᠭᠤᠥᠯᠴᠢ ᠰᠢᠳᠤᠷᠭᠤ ᠶᠣᠰᠣ ᠶᠢ  ᠮᠡᠳᠡᠷᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠯᠴᠠᠨ ᠬᠠᠮᠵᠢᠯᠴᠠᠵᠤ᠂ᠬᠠᠮᠲᠤᠷᠠᠯ ᠤᠨ ᠬᠦᠴᠦᠨ ᠢ ᠪᠦᠷᠢᠯᠳᠥᠭᠦᠯᠥᠨ᠂ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ  ᠴᠢᠩᠭᠠᠷᠠᠭᠤᠯᠬᠤ ᠬᠡᠷᠡᠭᠲᠡᠢ ᠭᠡᠵᠥ ᠴᠢᠩᠭᠠᠳᠬᠠᠭᠰᠠᠨ ᠪᠠᠶᠢᠨ᠎ᠠ᠃      ᠬᠤᠷᠠᠯ   ᠠᠴᠠ ᠴᠢᠬᠤᠯᠠᠴᠢᠯᠠᠭᠰᠠᠨ ᠨᠢ᠂ ᠣᠩᠨᠢᠭᠤᠳ ᠬᠤᠰᠢᠭᠤᠨ ᠤ ︽ᠲᠠᠪᠤᠨ ᠶᠡᠭᠡ ᠡᠭᠦᠷᠭᠡ︾ ᠶᠢᠨ ᠡᠯ᠎ᠡ ᠲᠤᠰᠬᠠᠢ ᠳᠤᠭᠤᠶᠢᠯᠠᠩ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠣᠰ ᠲᠣᠰ ᠤᠨ ᠬᠠᠷᠢᠭᠤᠴᠠᠯᠭ᠎ᠠ ᠶᠢᠨ ᠬᠤᠪᠢᠶᠠᠷᠢᠯᠠᠯ᠂ ᠡᠭᠦᠷᠭᠡ ᠴᠢᠳᠠᠪᠤᠷᠢ  ᠲᠠᠢ ᠪᠠᠨ ᠬᠠᠷᠢᠴᠠᠭᠤᠯᠤᠨ᠂ ᠬᠡᠷᠡᠭᠵᠢᠭᠦᠯᠬᠦ ᠲᠥᠰᠥᠯ ᠢ ᠬᠢᠨᠠᠮᠠᠭᠠᠢ ᠰᠤᠷᠤᠯᠴᠠᠨ ᠰᠤᠳᠤᠯᠵᠤ᠂ ᠲᠠᠪᠤᠨ ᠶᠡᠭᠡ ᠡᠭᠦᠷᠭᠡ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ ᠵᠠᠰᠠᠨ ᠲᠡᠭᠦᠯᠳᠡᠷᠵᠢᠭᠦᠯᠵᠦ᠂ ︽ᠲᠠᠪᠤᠨ ᠶᠡᠭᠡ ᠡᠭᠦᠷᠭᠡ︾ ᠶᠢ ᠨᠠᠷᠢᠨ   ᠬᠢᠨᠠᠮᠠᠭᠠᠢ ᠨᠠᠶᠢᠳᠠᠪᠤᠷᠢᠵᠢᠭᠤᠯᠬᠤ ᠶᠢ ᠢᠳᠡᠪᠬᠢᠲᠡᠢ  ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ  ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号