ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 109 ᠳ᠋ᠤᠭᠡᠷ ᠤᠳᠠᠭᠠᠨ ‍ᠤ‌‍ᠪᠠᠶᠢᠩᠭᠤ ᠶᠢᠨ ᠬᠤᠷᠢᠶᠠᠨ ᠤ  ᠬᠤᠷᠠᠯᠳᠤᠭᠠᠨ ᠬᠢᠪᠡ
ᠨᠡᠶᠢᠲᠡᠯᠡᠭᠰᠡᠨ ᠴᠠᠭ᠄
2024/4/8
       4 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 109 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠮᠦᠩᠬᠡ᠂ ᠰᠦᠨ ᠮᠢᠩ ᠲᠤᠤ᠂ ᠾᠧᠦ ᠭᠦᠸᠧ ᠵᠢᠩ᠂ ᠸᠠᠩ ᠵᠢᠶᠦ᠋ᠨ ᠵᠢᠶᠦ᠋ᠨ᠂ ᠯᠢ ᠶᠠ ᠵᠢᠶᠦ᠋ᠨ᠂ ᠬᠤ᠋ ᠹᠧᠩ ᠶᠠᠨ᠂ ᠵᠦ ᠴᠦᠨ ᠶᠦᠩ᠂ ᠵᠠᠩ ᠵᠢᠦ ᠫᠦᠸᠧ᠂ ᠳ᠋ᠦᠩ ᠵᠢᠦ ᠪᠢᠩ ᠬᠤᠷᠠᠯ ᠳᠤ ᠣᠷᠣᠯᠴᠠᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠢᠦᠢ ᠲᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ  ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2024 ᠣᠨ ᠤ ᠤᠯᠠᠭᠠᠨᠬᠠᠳᠠ ᠬᠤᠳᠠ ᠶᠢᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠵᠢᠱᠢᠭᠳᠡᠭᠴᠢ ᠶᠢ ᠰᠣᠩᠭᠤᠨ ᠲᠠᠨᠢᠯᠴᠠᠭᠤᠯᠬᠤ ᠪᠠᠷ ᠪᠠᠶᠢᠭ᠎ᠠ ᠬᠥᠮᠥᠰ ᠢ ᠬᠢᠨᠠᠨ ᠵᠥᠪᠯᠡᠵᠦ ᠪᠠᠲᠤᠯᠠᠪᠠ᠃       ᠬᠤᠷᠠᠯ ᠠᠴᠠ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ  ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠥᠨ᠂ ᠬᠤᠷᠴᠢᠨ  ᠤ ᠡᠯᠡᠰᠦᠷᠬᠡᠭ ᠭᠠᠵᠠᠷ  ᠤᠨ ᠡᠯᠡᠰᠥ ᠶᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠰᠠᠶᠢᠲᠤᠷ ᠬᠢᠬᠦ ᠬᠡᠷᠡᠭᠲᠡᠢ᠃ ᠡᠯᠡᠰᠦ ᠶᠢ ᠰᠡᠷᠭᠡᠶᠢᠯᠡᠨ ᠵᠠᠰᠠᠬᠤ ᠶᠢ ᠠᠵᠤ ᠦᠢᠯᠡᠰ ᠪᠠ ᠠᠵᠠ ᠲᠣᠬᠢᠶᠠᠯ ᠪᠣᠯᠭᠠᠨ ᠠᠳᠬᠤᠵᠤ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠥᠨ ᠭᠡᠷᠡᠯ ᠴᠡᠨᠡᠭ  ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠲᠥᠯᠥᠪᠵᠢᠭᠦᠯᠦᠨ ᠬᠡᠷᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠪᠡᠶᠡᠯᠡᠭᠦᠯᠬᠦ ᠶᠢᠨ ᠬᠠᠮᠲᠤ᠂ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ ᠠᠷᠠᠳ ᠢ ᠪᠠᠶᠠᠵᠢᠭᠤᠯᠬᠤ ᠠᠵᠤ ᠠᠬᠤᠢ ᠶᠢᠨ ᠦᠷ᠎ᠡ ᠠᠰᠢᠭ ᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠢᠲᠡᠭᠦᠮᠵᠢᠯᠡᠨ ᠪᠣᠶᠢᠵᠢᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ᠂ ᠴᠥᠭᠡᠨ ᠲᠡᠵᠢᠭᠡᠵᠦ ᠨᠠᠷᠢᠯᠢᠭ ᠲᠡᠵᠢᠭᠡᠵᠦ ᠲᠥᠪᠯᠡᠷᠡᠭᠦᠯᠦᠨ ᠲᠡᠵᠢᠭᠡᠬᠦ︾ ᠵᠠᠷᠴᠢᠮ ᠢ ᠪᠠᠷᠢᠮᠲᠠᠯᠠᠨ ᠴᠢᠩᠭ᠎ᠠ ᠬᠡᠷᠡᠭᠵᠢᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠵᠦ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠥ ᠴᠢᠩᠭᠠᠳᠬᠠᠭᠰᠠᠨ ᠪᠠᠶᠢᠨ᠎ᠠ᠃        ᠬᠤᠷᠠᠯ ᠠᠴᠠ᠂ ᠡᠯᠡᠰᠦ ᠶᠢ ᠵᠠᠰᠠᠬᠤ ᠲᠣᠭᠲᠠᠴᠠ ᠪᠣᠯᠣᠨ ᠵᠠᠭᠪᠤᠷ ᠤᠨ ᠰᠢᠨ᠎ᠡ ᠶᠢ ᠡᠭᠦᠳᠴᠦ᠂ ︽ᠵᠠᠮ ᠢᠶᠠᠷ ᠡᠯᠡᠰᠦ ᠶᠢ ᠵᠠᠰᠠᠬᠤ᠂ ᠵᠠᠮ ᠢᠶᠠᠷ ᠪᠠᠶᠠᠵᠢᠬᠤ︾ ᠵᠠᠭᠪᠤᠷ ᠢ ᠦᠷᠭᠦᠯᠵᠢᠯᠡᠨ ᠥᠷᠭᠡᠳᠬᠡᠵᠦ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠨᠡᠶᠢᠲᠡᠯᠢᠭ ᠵᠠᠭᠪᠤᠷ ᠢ ᠶᠡᠬᠡᠪᠡᠷ ᠳᠡᠯᠭᠡᠷᠡᠭᠦᠯᠵᠦ᠂ ᠨᠡᠩ ᠤᠯᠠᠨ ᠮᠠᠯᠴᠢᠨ ᠲᠠᠷᠢᠶᠠᠴᠢᠨ ᠤᠯᠠᠨ ᠲᠦᠮᠡᠨ ᠢ ᠡᠯᠡᠰᠦ ᠶᠢ ᠰᠡᠷᠭᠡᠶᠢᠯᠡᠵᠦ ᠵᠠᠰᠠᠬᠤ ᠳᠤ ᠤᠷᠤᠯᠴᠠᠭᠤᠯᠬᠤ ᠪᠠᠷ ᠳᠠᠮᠵᠢᠭᠤᠯᠤᠨ᠂ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠡᠯᠡᠰᠦ ᠶᠢ ᠵᠠᠰᠠᠬᠤ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠨᠡᠩ ᠤᠯᠠᠨ ᠠᠵᠤ ᠠᠬᠤᠶᠢᠯᠠᠯ᠂ ᠨᠡᠶᠢᠭᠡᠮ ᠤᠨ ᠬᠦᠴᠦᠨ ᠪᠣᠯᠣᠨ ᠮᠠᠯᠴᠢᠨ ᠲᠠᠷᠢᠶᠠᠴᠢᠨ ᠤᠯᠠᠨ ᠲᠦᠮᠡᠨ ᠢ ᠳᠠᠶᠢᠴᠢᠯᠠᠵᠤ ᠪᠠᠶᠢᠭᠠᠳ ᠡᠯᠡᠰᠦᠷᠬᠡᠭ ᠭᠠᠵᠠᠷ ᠢ ᠵᠠᠰᠠᠬᠤ᠂ ᠬᠠᠮᠢᠶᠠᠷᠤᠨ ᠬᠠᠮᠠᠭᠠᠯᠠᠬᠤ ᠪᠠ ᠠᠷᠠᠳ ᠢ ᠪᠠᠶᠠᠵᠢᠭᠤᠯᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠥᠷᠭᠡᠨ ᠢᠶᠠᠷ ᠣᠷᠣᠯᠴᠠᠭᠤᠯᠵᠤ᠂ ᠡᠯᠡᠰᠦ ᠶᠢ ᠵᠠᠰᠠᠬᠤ ᠶᠢᠨ ᠳᠠᠭᠠᠤ ᠪᠠᠶᠠᠵᠢᠭᠤᠯᠬᠤ᠂ ᠡᠯᠡᠰᠦ ᠶᠢ ᠵᠠᠰᠠᠬᠤ ᠶᠢᠨ ᠬᠠᠮᠲᠤ ᠠᠵᠤ ᠦᠢᠯᠡᠰ ᠢ ᠪᠤᠵᠠᠭᠠᠶᠢᠷᠠᠭᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠡᠢ᠃        ᠬᠤᠷᠠᠯ ᠠᠴᠠ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠵᠤ᠂ ᠠᠮᠢᠳᠤᠷᠠᠯ᠂ ᠲᠠᠷᠢᠶᠠᠯᠠᠩ᠂ ᠠᠵᠤ ᠦᠢᠯᠡᠳᠪᠦᠷᠢ ᠪᠠ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠨᠥᠬᠦᠪᠦᠷᠢᠯᠡᠬᠦ ᠵᠡᠷᠭᠡ ᠲᠠᠯ᠎ᠠ ᠶᠢᠨ ᠬᠡᠷᠡᠭᠯᠡᠬᠦ ᠤᠰᠤ ᠶᠢ ᠵᠦᠢ ᠵᠣᠬᠢᠰᠲᠠᠢ ᠲᠣᠬᠢᠷᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠬᠤ ᠳᠤ ᠤᠷᠢᠳᠠᠪᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠵᠤ᠂ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠤᠰᠤᠨ ᠳᠤ ᠠᠷᠪᠢᠳᠠᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠪᠣᠬᠢᠷᠲᠤᠯ ᠪᠤᠳᠠᠰ ᠢ ᠭᠠᠳᠠᠭᠰᠢᠯᠠᠭᠤᠯᠬᠤ ᠳᠤ ᠤᠰᠤ ᠬᠡᠷᠡᠭᠯᠡᠬᠦ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠨ ᠬᠤᠬᠢᠷᠠᠯ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠤᠰᠤᠨ ᠤ ᠱᠠᠲᠤᠯᠢᠭ ᠦᠨ᠎ᠡ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠢ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠦᠬᠦ ᠠᠷᠠᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠤᠬᠠᠮᠰᠠᠷ ᠢ ᠨᠢ ᠪᠠᠲᠤ ᠪᠠᠬᠢ ᠪᠤᠢ ᠪᠣᠯᠭᠠᠵᠤ᠂ ᠪᠦᠬᠦ ᠨᠡᠶᠢᠭᠡᠮ ᠳᠤ ᠤᠰᠤ ᠶᠢ ᠠᠷᠪᠢᠯᠠᠨ ᠬᠡᠷᠡᠭᠯᠡᠬᠦ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠣᠩᠨᠢᠭᠤᠳ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ  ᠪᠠᠷ ᠪᠠᠶᠢᠴᠠᠭᠠᠨ ᠡᠮᠬᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠵᠤ ᠪᠣᠭᠤᠮᠲᠠ ᠰᠢᠪᠲᠤᠯᠬᠤ ᠶᠢ ᠥᠷᠨᠢᠭᠦᠯᠬᠦ ᠶᠢ ︽ᠭᠤᠷᠪᠠ ᠶᠢ ᠬᠠᠰᠤᠨ ᠭᠤᠷᠪᠠ ᠶᠢ ᠰᠢᠯᠢᠳᠡᠭᠵᠢᠭᠦᠯᠬᠦ︾ ᠠᠵᠢᠯ ᠤᠨ ᠵᠠᠭᠪᠤᠷ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠶ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ︽ᠭᠤᠷᠪᠠᠨ ᠲᠠᠰ ᠳᠠᠪᠬᠤᠷᠭ᠎ᠠ︾ ᠠᠴᠠ ︽ᠭᠤᠷᠪᠠᠨ ᠲᠤᠰᠬᠠᠢ ᠠᠵᠢᠯᠯᠠᠭ᠎ᠠ︾ ᠶᠢ ᠥᠷᠨᠢᠭᠦᠯᠵᠦ᠂ ︽ᠵᠢᠷᠭᠤᠭ᠎ᠠ ᠶᠢ ᠴᠡᠪᠡᠷᠯᠡᠨ ᠬᠤᠶᠠᠷ ᠢ ᠴᠢᠩᠭᠠᠷᠠᠭᠤᠯᠬᠤ︾ ︽ᠲᠦᠷᠪᠡᠵᠢᠯᠳᠡ︾ ︽ᠬᠤᠶᠠᠷ ᠢ ᠰᠢᠯᠢᠳᠡᠭᠵᠢᠭᠦᠯᠬᠦ︾ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ︽ᠲᠡᠩᠬᠡᠭᠡ ᠠᠴᠠ ᠪᠠᠨ ᠬᠡᠳᠥᠷᠡᠳᠡᠯ᠎ᠡ ᠠᠴᠢᠶᠠᠯᠠᠬᠤ﹀﹀ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号