ᠮᠠᠨ ᠤ ᠬᠤᠰᠢᠭᠤ ᠬᠢᠲᠠᠳ ᠦᠰᠦᠭ ᠰᠣᠨᠣᠰᠴᠤ ᠪᠢᠴᠢᠬᠦ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/5/13
         ᠰᠤᠷᠤᠭᠴᠢᠳ ᠤᠨ ᠰᠣᠨᠣᠰᠬᠤ ᠴᠢᠳᠠᠪᠤᠷᠢ ᠶᠢ ᠬᠥᠮᠥᠵᠢᠭᠦᠯᠬᠦ ᠪᠠ ᠬᠢᠲᠠᠳ ᠦᠰᠦᠭ ᠢ ᠨᠠᠷᠢᠨ ᠬᠢᠨᠠᠮᠠᠭᠠᠢ ᠳᠦᠷᠢᠮᠵᠢᠭᠦᠯᠦᠨ ᠪᠢᠴᠢᠬᠦ ᠰᠠᠶᠢᠨ ᠰᠠᠶᠢᠬᠠᠨ  ᠳᠠᠳᠬᠠᠯ ᠢ ᠬᠥᠮᠥᠵᠢᠭᠦᠯᠬᠦ ᠶᠢᠨ ᠲᠥᠯᠥᠭᠡ᠂ 5 ᠰᠠᠷ᠎ᠠ ᠶᠢᠨ 11 ᠤ ᠡᠳᠦᠷ᠂ ᠮᠠᠨ ᠤ  ᠬᠤᠰᠢᠭᠤ ᠪᠤᠷᠤᠬᠤᠲᠠ ᠵᠢᠷᠭᠤᠳᠤᠭᠠᠷ ᠪᠠᠭ᠎ᠠ ᠰᠤᠷᠭᠠᠭᠤᠯᠢ ᠳᠤ ᠬᠢᠲᠠᠳ ᠦᠰᠦᠭ  ᠰᠣᠨᠣᠰᠴᠤ ᠪᠢᠴᠢᠬᠦ ᠤᠷᠤᠯᠳᠤᠭᠠᠨ  ᠶᠠᠪᠤᠭᠤᠯᠪᠠ᠃       ᠪᠥᠬᠦ ᠬᠤᠰᠢᠭᠤᠨ ᠤ ᠡᠯ᠎ᠡ ᠪᠠᠭ᠎ᠠ ᠰᠤᠷᠭᠠᠭᠤᠯᠢ᠂ ᠠᠩᠬ᠎ᠠ  ᠳᠤᠮᠳᠠᠳᠤ᠂ ᠥᠨᠳᠥᠷ  ᠳᠤᠮᠳᠠᠳᠤ ᠪᠤᠯᠤᠨ ᠠᠵᠢᠯ ᠮᠡᠷᠭᠡᠵᠢᠯ ᠤᠨ ᠰᠤᠷᠭᠠᠭᠤᠯᠢ ᠠᠴᠠ ᠨᠡᠶᠢᠲᠡ  49 ᠲᠥᠯᠥᠭᠡᠯᠡᠭᠴᠢᠳ ᠤᠨ ᠠᠩᠭᠢ   ᠶᠢᠨ147 ᠪᠠᠭᠰᠢ  ᠰᠤᠷᠤᠭᠴᠢᠳ ᠲᠤᠰ ᠤᠳᠠᠭᠠᠨ ᠤ ᠤᠷᠤᠯᠳᠤᠭᠠᠨ ᠳᠤ ᠣᠷᠣᠯᠴᠠᠵᠠᠢ᠃      ᠤᠷᠤᠯᠳᠤᠭᠠᠨ ᠤ ᠠᠬᠤᠢ ᠲᠠᠯᠠᠪᠠᠢ ᠳᠤ ᠬᠦᠷ ᠬᠥᠭᠵᠢᠶᠡᠨᠲᠡᠢ ᠠᠭᠤᠷ ᠠᠮᠢᠰᠬᠤᠯ ᠪᠢᠯᠬᠠᠵᠤ᠂ ᠤᠷᠤᠯᠳᠤᠭᠴᠢᠳ  ᠡᠷᠳᠡᠮ ᠮᠡᠳᠡᠯᠭᠡ ᠶᠢᠨ ᠦᠷᠭᠡᠨ ᠳᠡᠯᠭᠡᠷ  ᠢᠶᠠᠨ ᠭᠦᠢᠴᠡᠳ ᠢᠯᠡᠷᠡᠭᠦᠯᠵᠦ᠂  ᠦᠵᠡᠭᠴᠢᠳ ᠲᠤ ᠰᠣᠨᠢᠷᠬᠠᠯᠲᠠᠢ ᠮᠦᠷᠲᠡᠭᠡᠨ ᠤᠳᠬ᠎ᠠ ᠠᠭᠤᠯᠭ᠎ᠠ ᠲᠠᠢ ᠰᠣᠶᠣᠯ ᠤᠨ ᠬᠦᠷᠲᠡᠭᠡᠯ ᠬᠠᠩᠭᠠᠭᠰᠠᠨ ᠪᠠᠶᠢᠨ᠎ᠠ᠃       ᠲᠣᠰ ᠤᠳᠠᠭᠠᠨ ᠤ ᠰᠣᠨᠣᠰᠴᠤ ᠪᠢᠴᠢᠬᠦ ᠤᠷᠤᠯᠳᠤᠭᠠᠨ ᠨᠢ ᠪᠠᠭᠰᠢ ᠰᠤᠷᠤᠭᠴᠢᠳ ᠤᠨ ᠬᠢᠲᠠᠳ ᠥᠰᠥᠭ ᠢ ᠲᠦᠷᠢᠮᠵᠢᠭᠦᠨ ᠪᠢᠴᠢᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠰᠤᠷᠤᠭᠴᠢᠳ ᠤᠨ ᠬᠢᠲᠠᠳ ᠥᠰᠥᠭ ᠤᠨ ᠣᠶᠢᠯᠠᠭᠠᠯᠲᠠ ᠪᠤᠯᠤᠨ ᠥᠰᠥᠭ ᠪᠢᠴᠢᠭ ᠢᠶᠠᠨ ᠬᠠᠶᠢᠷᠠᠯᠠᠬᠤ ᠰᠡᠳᠬᠢᠯᠭᠡ ᠶᠢ   ᠨᠢ ᠨᠡᠮᠡᠭᠳᠡᠭᠦᠯᠬᠦ ᠨᠢ ᠯᠠᠪᠲᠠᠢ ᠶᠤᠮ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号