ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠨᠠᠷᠢᠯᠢᠭᠵᠢᠭᠤᠯᠤᠨ ᠬᠠᠮᠢᠶᠠᠷᠬᠤ ︾ ᠠᠵᠢᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/5/13
          5 ᠰᠠᠷ᠎ᠠ ᠶᠢᠨ 11 ᠤ ᠡᠳᠦᠷ ︽ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠨᠠᠷᠢᠯᠢᠭᠵᠢᠭᠤᠯᠤᠨ ᠬᠠᠮᠢᠶᠠᠷᠬᠤ︾ ᠲᠤᠰᠬᠠᠢ ᠠᠵᠢᠯ ᠤᠨ  ᠠᠬᠢᠭᠤᠯᠤᠯᠲᠠ ᠶᠢᠨ ᠬᠤᠷᠠᠯ ᠮᠠᠨ ᠤ ᠬᠤᠰᠢᠭᠤᠨ ᠳᠤ  ᠬᠤᠷᠠᠯᠳᠤᠵᠤ᠂ ᠳ᠋ᠠᠢ ᠢᠦᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠳᠡᠭᠡᠷ᠎ᠡ᠂ ᠡᠯ᠎ᠡ ᠬᠤᠰᠢᠭᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ  ᠬᠢᠨ ᠥᠪᠡᠷ ᠥᠪᠡᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠲᠦᠷᠭᠡᠨ ᠠᠬᠢᠭᠤᠯᠬᠤ ᠲᠤᠬᠠᠢ ᠰᠠᠨᠠᠯ ᠢᠶᠠᠨ  ᠰᠤᠯᠢᠯᠴᠠᠵᠠᠢ᠃      ᠬᠤᠷᠠᠯ ᠠᠴᠠ᠂ ᠡᠯ᠎ᠡ ᠭᠠᠵᠠᠷ ᠤᠨ ᠬᠢᠨ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ ᠶᠢ ᠪᠠᠷᠢᠮᠲᠠᠯᠠᠵᠤ᠂ ᠥᠷᠭᠡᠨ ᠢᠶᠠᠷ ᠤᠬᠠᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号