| | 5 ᠰᠠᠷ᠎ᠠ ᠶᠢᠨ 8 ᠤ ᠡᠳᠦᠷ᠂ ︽ ᠬᠠᠰ ᠯᠤᠤ ᠶᠢᠨ ᠦᠳᠡᠰᠢ︾ ᠴᠢᠩᠭᠡᠯᠢᠭ ᠤᠨ ᠰᠥᠨᠢ ᠶᠢᠨ ᠵᠠᠬ᠎ᠠ | ᠳᠡᠯᠭᠡᠭᠦᠷ ᠤᠨ ᠠᠷᠠᠯᠵᠢᠶᠠᠴᠢᠨ ᠤᠷᠢᠬᠤ ᠬᠤᠷᠠᠯ ᠬᠤᠰᠢᠭᠤᠨ ᠤ ᠰᠣᠶᠣᠯ ᠵᠤᠭᠠᠴᠠᠯ ᠤᠨ ᠲᠥᠪᠯᠡᠷᠡᠭᠦᠯᠦᠨ | ᠲᠠᠷᠬᠠᠭᠠᠬᠤ ᠲᠥᠪ ᠲᠤ ᠶᠠᠪᠤᠭᠳᠠᠵᠤ᠂ ᠪᠦᠭᠦ ᠬᠤᠰᠢᠭᠤᠨ ᠤ ᠢᠳᠡᠭᠡᠨ ᠤᠮᠳᠠᠭᠠᠨ ᠤ ᠵᠠᠭᠤ ᠭᠠᠷᠤᠢ ᠠᠵᠤ | ᠠᠬᠤᠶᠢᠯᠠᠯ ᠪᠤᠯᠤᠨ ᠪᠡᠯᠡ ᠤᠷᠤᠭᠤᠯᠬᠤ ᠠᠷᠠᠯᠵᠢᠶᠠᠴᠢᠳᠠᠷᠠᠯᠵᠢᠶᠠᠴᠢᠨ ᠤᠷᠢᠬᠤ ᠬᠤᠷᠠᠯ ᠳᠤ ᠤᠷᠤᠯᠴᠠᠪᠠ᠃ | ᠰᠥᠨᠢ ᠶᠢᠨ ᠵᠠᠬ᠎ᠠ ᠳᠡᠯᠭᠡᠭᠦᠷ ᠨᠢ ᠬᠤᠲᠠ ᠶᠢᠨ ᠠᠵᠤ ᠠᠬᠤᠢ ᠰᠣᠶᠣᠯ ᠤᠨ ᠴᠢᠬᠤᠯᠠ ᠪᠦᠷᠢᠯᠳᠦᠭᠦᠨ | ᠬᠡᠰᠡᠭ ᠪᠣᠯᠤᠭᠰᠠᠨ ᠤ ᠬᠤᠪᠢ ᠳᠤ᠂ ᠰᠠᠭᠤᠭᠠᠯᠢᠴᠤᠳ ᠤᠨ ᠰᠡᠷᠢᠭᠦᠴᠡᠬᠦ᠂ ᠵᠤᠭ᠎ᠠ ᠴᠡᠩᠭᠡᠯ ᠤᠨ ᠰᠠᠶᠢᠨ ᠭᠠᠵᠠᠷ | ᠪᠣᠯᠬᠤ ᠪᠥᠭᠡᠳ ᠠᠷᠠᠯᠵᠢᠶᠠᠴᠢᠳ ᠤᠨ ᠠᠰᠢᠭ ᠤᠷᠤᠯᠭ᠎ᠠ ᠤᠯᠬᠤ ᠰᠠᠶᠢᠨ ᠲᠠᠪᠴᠠᠩ ᠪᠤᠯᠬᠤ ᠶᠤᠮ᠃ ᠵᠤᠨ ᠤ | ᠤᠯᠠᠷᠢᠯ ᠪᠣᠯᠤᠭᠰᠠᠨ ᠠᠴᠠ ᠨᠠᠰᠢ᠂ ᠮᠠᠨ ᠤ ᠬᠤᠰᠢᠭᠤᠨ ᠤ ᠯᠤᠤ ᠶᠢᠨ ᠨᠤᠲᠤᠭ ᠰᠣᠶᠣᠯ ᠵᠤᠭᠠᠴᠠᠯ ᠤᠨ | ᠬᠢᠵᠠᠭᠠᠷᠲᠤ ᠺᠣᠮᠫᠠᠨᠢ ᠪᠣᠯᠣᠨ ᠰᠢᠯᠢᠩᠬᠤᠲᠠ ᠶᠢᠨ ᠨᠢᠭᠡᠳᠦᠭᠡᠷ ᠵᠡᠭᠡᠯᠢ ᠲᠣᠭᠤᠷᠢᠭ ᠤᠨ ᠰᠣᠶᠣᠯ ᠵᠠᠭᠤᠴᠢᠯᠠᠭᠤᠷ ᠤᠨ | ᠺᠣᠮᠫᠠᠨᠢ ᠬᠠᠮᠲᠤᠷᠠᠨ ᠤᠤᠯ ᠤᠨ ᠪᠠᠶᠢᠭᠰᠠᠨ ᠰᠢᠷᠠᠮᠠᠯ ᠱᠤᠷᠤᠮᠠᠯ ᠤᠨ ᠬᠠᠰᠢᠯᠭ᠎ᠠ ᠶᠢᠨ ᠰᠠᠭᠤᠷᠢᠨ ᠳᠡᠭᠡᠷ᠎ᠡ᠂ | ᠴᠢᠩᠭᠡᠯᠢᠭ ᠤᠨ ᠰᠥᠨᠢ ᠶᠢᠨ ᠵᠠᠬ᠎ᠠ ᠳᠡᠯᠭᠡᠭᠦᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠨᠢᠭᠡᠳᠦᠯᠲᠡᠢ | ᠲᠥᠯᠥᠪᠵᠢᠭᠦᠯᠵᠦ᠂ ᠡᠵᠡᠩᠨᠡᠵᠦ᠂ ᠬᠠᠮᠢᠶᠠᠷᠴᠤ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠭᠡᠭᠰᠡᠨ ᠪᠠᠶᠢᠨ᠎ᠠ᠃ | ᠠᠷᠠᠯᠵᠢᠶᠠᠴᠢᠨ ᠤᠷᠢᠬᠤ ᠠᠵᠢᠯᠯᠠᠭ᠎ᠠ ᠶᠢᠨ ᠲᠤᠬᠠᠢ ᠶᠢᠨ ᠡᠳᠦᠷ᠂ 40 ᠭᠠᠷᠤᠢ ᠠᠷᠠᠯᠵᠢᠶᠠᠴᠢᠨ | ᠡᠷᠦᠬᠡ ᠶᠢᠨ ᠲᠦᠯᠥᠭᠡᠯᠡᠭᠴᠢᠳ ᠭᠠᠷ ᠤᠨ ᠥᠰᠥᠭ ᠵᠢᠷᠤᠪᠠ᠃ ᠣᠶᠢᠯᠠᠭᠠᠭᠰᠠᠨ ᠢᠶᠠᠷ᠂ ︽ ᠬᠠᠰ ᠯᠤᠤ ᠶᠢᠨ | ᠦᠳᠡᠰᠢ︾ ᠴᠢᠩᠭᠡᠯᠢᠭ ᠤᠨ ᠭᠤᠣᠯ ᠰᠡᠳᠦᠪᠲᠦ ᠰᠥᠨᠢ ᠶᠢᠨ ᠵᠠᠬ᠎ᠠ ᠳᠡᠯᠭᠡᠭᠦᠷ ᠨᠢ ᠣᠨᠴᠠᠯᠢᠭᠲᠤ ᠢᠳᠡᠭᠡᠨ᠂ | ᠰᠢᠷᠠᠮᠠᠯ ᠱᠤᠷᠤᠮᠠᠯ ᠤᠨ ᠵᠠᠳᠠᠭᠠᠢ ᠳᠡᠯᠭᠡᠭᠦᠷ᠂ ᠡᠯᠧᠺᠲᠷᠣᠨ ᠵᠤᠭ᠎ᠠ ᠴᠡᠩᠭᠡᠯ᠂ ᠵᠢᠵᠢᠭ ᠲᠠᠸᠠᠷ ᠤᠨ ᠴᠤᠭᠯᠠᠭ᠎ᠠ | ᠮᠠᠶᠢᠮᠠᠢ ᠵᠡᠷᠭᠡ ᠶᠢ ᠬᠠᠮᠤᠷᠴᠤ᠂ 6 ᠰᠠᠷ᠎ᠠ ᠶᠢᠨ ᠡᠬᠢ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠬᠤ ᠪᠠᠷ ᠲᠥᠯᠥᠪᠯᠡᠵᠦ ᠪᠣᠶ᠃ | | | | |