ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠮᠠᠨ ᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠴᠠᠭᠠᠪᠠ
ᠨᠡᠶᠢᠲᠡᠯᠡᠭᠰᠡᠨ ᠴᠠᠭ᠄
2024/5/13
      5 ᠰᠠᠷ᠎ᠠ ᠶᠢᠨ 9 ᠤ ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠤᠶᠠᠳᠤᠭᠠᠷ ᠳᠡᠰ ᠤᠨ ᠪᠠᠶᠢᠴᠠᠭᠠᠭᠴᠢ ᠴᠧᠨ ᠪᠥᠸᠧ ᠨᠠᠷ ᠮᠠᠨ ᠤ ᠬᠤᠰᠢᠭᠤᠨ ᠳᠤ ᠢᠷᠡᠵᠦ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢᠨ ᠠᠵᠢᠯ  ᠢ ᠦᠨᠡᠯᠡᠨ ᠵᠢᠱᠢᠬᠦ ᠵᠢᠴᠢ ᠬᠢᠨᠠᠨ ᠰᠢᠯᠭᠠᠬᠤ ᠠᠵᠢᠯ ᠦᠷᠨᠢᠭᠦᠯᠵᠡᠢ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠦᠩ ᠮᠤ᠋ ᠳᠠᠳᠤᠯᠭ᠎ᠠ ᠶᠢᠨ ᠰᠠᠭᠤᠷᠢᠨ ᠭᠠᠵᠠᠷ ᠤᠳ ᠲᠤ ᠭᠦᠨᠵᠡᠭᠡᠶᠢᠷᠡᠵᠦ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠪ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠬᠦ ᠳᠦᠷᠦᠯ ᠵᠦᠢᠯ᠂ ᠤᠶᠤᠨᠴᠢᠯᠠᠭᠰᠠᠨ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ᠂ 50 ᠰᠠᠭᠤᠷᠢ ᠵᠢᠮᠢᠰ ᠢᠳᠡᠰᠢᠨ ᠨᠣᠭᠤᠭ᠎ᠠ ᠶᠢᠨ ᠲᠣᠭᠤᠰᠬᠠᠨ ᠰᠠᠷᠠᠪᠴᠢ ᠶᠢ ᠪᠠᠷᠢᠮᠵᠢᠶᠠᠵᠢᠭᠤᠯᠤᠨ ᠦᠭᠡᠷᠡᠴᠢᠯᠡᠬᠦ ᠳᠦᠷᠦᠯ ᠵᠦᠢᠯ᠂ ᠨᠡᠷᠡᠨ  ᠤ ᠭᠡᠷᠡᠯ ᠢᠶᠠᠷ ᠳᠤᠯᠠᠭᠠᠯᠠᠬᠤ ᠬᠦᠯᠡᠮᠵᠢ ᠶᠢᠨ ᠤᠶᠤᠨᠴᠢᠯᠠᠭᠰᠠᠨ ᠦᠭᠡᠷᠡᠴᠢᠯᠡᠯᠲᠡ ᠶᠢᠨ ᠳᠦᠷᠦᠯ ᠵᠦᠢᠯ  ᠪᠤᠯᠤᠨ ᠠᠯᠠᠰᠢᠨ ᠦᠬᠡᠷ ᠢ ᠪᠠᠷᠢᠮᠵᠢᠶᠠᠵᠢᠭᠤᠯᠤᠨ ᠲᠡᠵᠢᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠡᠢ᠃      ᠰᠠᠭᠤᠳᠠᠯ ᠤᠨ ᠬᠤᠷᠠᠯ ᠳᠡᠭᠡᠷ᠎ᠡ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠄ ᠣᠷᠣᠨ ᠨᠤᠲᠤᠭ ᠤᠨ ᠣᠨᠴᠠᠯᠢᠭ ᠲᠤ ᠰᠠᠭᠤᠷᠢᠯᠠᠵᠤ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠬᠥᠳᠡᠭᠡ ᠠᠵᠤ ᠠᠬᠤᠢ ᠶᠢ ᠬᠥᠭᠵᠢᠭᠦᠯᠬᠦ ᠪᠠᠷ ᠬᠥᠭᠵᠢᠯᠲᠡ ᠶᠢᠨ ᠬᠠᠷᠠᠯᠲᠠ ᠪᠣᠯᠭᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠥᠨ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠲᠠᠷᠢᠶᠠᠯᠠᠩ ᠮᠠᠯ ᠠᠵᠤ ᠠᠬᠤᠢ  ᠶᠢᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠰᠠᠯᠠᠭ᠎ᠠ ᠮᠥᠴᠢᠷ ᠤᠳ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃  
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号