ᠣᠩᠨᠢᠭᠤᠳ ᠬᠤᠰᠢᠭᠤᠨ ᠤ ᠠᠭᠤᠷᠬᠠᠢ ᠶᠢᠨ ᠦᠢᠯᠡᠰ ᠢ ᠴᠢᠨᠠᠷ ᠰᠠᠶᠢᠲᠠᠢ ᠬᠦᠭᠵᠢᠭᠦᠯᠬᠦ ᠰᠠᠭᠤᠳᠠᠯ ᠤᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/13
       5 ᠰᠠᠷ᠎ᠠ ᠶᠢᠨ 11 ᠤ ᠡᠳᠦᠷ᠂ ᠣᠩᠨᠢᠭᠤᠳ ᠬᠤᠰᠢᠭᠤᠨ ᠤ ᠠᠭᠤᠷᠬᠠᠢ ᠶᠢᠨ ᠦᠢᠯᠡᠰ ᠢ ᠴᠢᠨᠠᠷ ᠰᠠᠶᠢᠲᠠᠢ ᠬᠦᠭᠵᠢᠭᠦᠯᠬᠦ ᠰᠠᠭᠤᠳᠠᠯ ᠤᠨ ᠬᠤᠷᠠᠯ ᠪᠡᠭᠡᠵᠢᠩ ᠬᠤᠲᠠ ᠳᠤ  ᠶᠠᠪᠤᠭᠳᠠᠵᠠᠢ᠃ ᠬᠤᠰᠢᠭᠤᠨ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠷᠠᠯ ᠢ ᠡᠷᠭᠢᠯᠡᠵᠦ᠂ 16 ᠠᠵᠤ ᠠᠬᠤᠶᠢᠯᠠᠯ ᠤᠨ ᠬᠠᠷᠢᠭᠤᠴᠠᠯᠭᠠᠳᠠᠳ ᠰᠠᠭᠤᠳᠠᠯ ᠤᠨ ᠬᠤᠷᠠᠯ ᠳᠤ ᠣᠷᠣᠯᠴᠠᠵᠠᠢ᠃        ᠵᠠᠩ ᠭᠦᠸᠧ ᠬᠤᠸᠠ ᠬᠡᠯᠡᠭᠰᠡᠨ ᠨᠢ᠂ ᠣᠩᠨᠢᠭᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ  ᠪᠠᠶᠢᠵᠤ᠂ ᠠᠭᠤᠷᠬᠠᠢ ᠶᠢᠨ ᠦᠢᠯᠡᠰ ᠤᠨ ᠠᠵᠤ ᠠᠬᠤᠶᠢᠯᠠᠯᠲᠠᠳ ᠲᠠᠢ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠥᠨ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠲᠠᠪᠴᠠᠩ ᠢ ᠪᠠᠶᠢᠭᠤᠯᠵᠤ᠂ ᠤᠩᠨᠢᠭᠤᠳ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠤᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ  ᠬᠦᠰᠡᠵᠦ ᠪᠠᠶᠢᠨ᠎ᠠ ᠭᠡᠵᠡᠢ᠃        ᠵᠠᠩ ᠭᠦᠸᠧ ᠬᠤᠸᠠ ᠬᠡᠯᠡᠭᠰᠡᠨ ᠨᠢ᠂ ᠣᠩᠨᠢᠭᠤᠳ ᠬᠤᠰᠢᠭᠤ ᠨᠢ ᠨᠠᠩ ᠨᠡᠭᠡᠭᠡᠯᠲᠡᠲᠡᠢ᠂ ᠨᠠᠩ ᠥᠨᠳᠥᠷ ᠪᠦᠲᠦᠮᠵᠢᠲᠡᠶ ᠪᠠᠷ ᠦᠢᠯᠡᠴᠢᠯᠡᠵᠦ᠂  ᠠᠵᠤ  ᠠᠬᠤᠶᠢᠯᠠᠯᠲᠠᠳ ᠤᠨ ᠣᠩᠨᠢᠭᠤᠳ ᠬᠤᠰᠢᠭᠤᠨ ᠤ ᠠᠭᠤᠷᠬᠠᠢ ᠶᠢᠨ ᠠᠵᠤ ᠠᠬᠤᠢ ᠪᠠ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠳᠤ ᠢᠳᠡᠪᠬᠢᠲᠡᠢ ᠪᠡᠯᠡ ᠤᠷᠤᠭᠤᠯᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠂ ᠥᠪᠡᠷ ᠤᠨ ᠥᠷᠲᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠲᠡᠢ ᠳᠡᠮᠵᠢᠯᠭᠡ  ᠬᠠᠩᠭᠠᠨ᠂ ᠠᠵᠤ ᠠᠬᠤᠶᠢᠯᠠᠯ ᠤᠨ ᠣᠩᠨᠢᠭᠤᠳ ᠬᠤᠰᠢᠭᠤᠨ ᠳᠤ ᠪᠡᠯᠡ ᠤᠷᠤᠭᠤᠯᠬᠤ ᠢᠲᠡᠭᠡᠯ ᠢ  ᠪᠠᠲᠤᠳᠬᠠᠨ᠂  ᠣᠯᠠᠨ ᠲᠠᠯ᠎ᠠ ᠪᠠᠷ ᠢᠶᠠᠨ ᠬᠠᠮᠲᠤᠪᠠᠷ ᠠᠰᠢᠭ ᠭᠥᠷᠳᠡᠬᠦ ᠬᠥᠭᠵᠢᠯᠲᠡ ᠶᠢᠨ ᠰᠢᠨ᠎ᠡ  ᠪᠠᠶᠢᠳᠠᠯ ᠢ ᠴᠢᠷᠮᠠᠶᠢᠨ ᠪᠡᠶᠡᠯᠡᠭᠦᠯᠦᠨ᠎ᠡ ᠭᠡᠵᠡᠢ᠃       ᠬᠤᠷᠠᠯ ᠳᠡᠭᠡᠷ᠎ᠡ ᠣᠨᠴᠠ ᠤᠷᠢᠭᠰᠠᠨ ᠲᠤᠰᠬᠠᠢ ᠮᠡᠷᠭᠡᠵᠢᠯᠲᠡᠳ ᠠᠴᠠ ᠣᠩᠨᠢᠭᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠶᠢᠳᠠᠯ ᠢ ᠲᠠᠨᠢᠯᠴᠠᠭᠤᠯᠤᠭᠰᠠᠨ ᠤ ᠬᠠᠮᠲᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ ᠲᠤᠰ ᠲᠤᠰ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠲᠠᠯ᠎ᠠ ᠪᠠᠷ ᠶᠠᠷᠢᠶ᠎ᠠ ᠲᠠᠯᠪᠢᠵᠠᠢ᠃       ᠬᠤᠷᠠᠯ ᠳᠡᠭᠡᠷ᠎ᠡ᠂ ᠬᠤᠰᠢᠭᠤᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠱᠠᠨ ᠶᠢᠨ ᠭᠠᠵᠠᠷ ᠰᠢᠨᠵᠢᠯᠡᠭᠡ  ᠠᠭᠤᠷᠬᠠᠢ  ᠬᠠᠶᠢᠨ ᠪᠠᠶᠢᠴᠠᠭᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠩ ᠳ᠋ᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠪᠣᠯᠣᠨ ᠱᠠᠨ ᠰᠢ ᠶᠢᠨ ᠬᠤᠩ ᠸᠧᠢ ᠠᠵᠤ ᠦᠢᠯᠡᠰ ᠤᠨ ᠺᠣᠮᠫᠠᠨᠢ ᠲᠠᠢ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠸᠠᠩ ᠵᠢᠶᠦ᠋ᠨ ᠵᠢᠶᠦ᠋ᠨ᠂ ᠳ᠋ᠦᠩ ᠵᠢᠦ ᠪᠢᠩ ᠵᠡᠷᠭᠡ ᠤᠳᠤᠷᠢᠳᠤᠯᠭ᠎ᠠ  ᠰᠠᠭᠤᠳᠠᠯ ᠤᠨ ᠬᠤᠷᠠᠯ ᠳᠤ  ᠤᠷᠤᠯᠴᠠᠵᠠᠢ  ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号