ᠮᠠᠨ ᠤ ᠬᠤᠰᠢᠭᠤ ᠭᠤᠴᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
         5 ᠰᠠᠷ᠎ᠠ ᠶᠢᠨ 20 ᠤ ᠡᠳᠦᠷ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾ ᠪᠠᠷ ᠭᠤᠤᠯ ᠰᠡᠳᠦᠪ ᠪᠣᠯᠭᠠᠨ ᠭᠤᠴᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃         ᠠᠵᠢᠯᠯᠠᠭ᠎ᠠ ᠳᠡᠭᠡᠷ᠎ᠡ ᠠᠵᠢᠯᠲᠠᠳ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠬᠤ ᠶᠢᠨ ᠬᠠᠮᠲᠤ ᠵᠡᠮᠳᠡᠭᠴᠦᠳ ᠤᠨ ᠵᠡᠮᠳᠡᠭ ᠬᠦᠮᠥᠨ ᠤ ᠦᠨᠡᠮᠯᠡᠯ ᠠᠪᠬᠤ᠂ ᠵᠡᠮᠳᠡᠭᠴᠦᠳ ᠲᠤ ᠠᠵᠢᠯ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠲᠤᠬᠠᠶ ᠬᠠᠷᠢᠭᠤᠯᠲᠠ ᠥᠭᠪᠡ᠃ ᠬᠡᠰᠡᠭ ᠡᠮᠴᠢᠯᠡᠭᠡᠨ ᠤ ᠪᠠᠶᠢᠭᠤᠯᠤᠮᠵᠢ ᠨᠢ ᠪᠠᠰᠠ ᠵᠡᠮᠳᠡᠭᠴᠦᠳ ᠵᠢᠴᠢ ᠬᠡᠷ ᠪᠦᠯᠢ ᠶᠢᠨ ᠬᠢᠨ ᠳᠤ ᠴᠢᠭᠯᠡᠭᠦᠯᠦᠨ ᠰᠡᠳᠬᠢᠴᠡ ᠶᠢᠨ ᠵᠥᠪᠯᠡᠯᠭᠡ ᠥᠭᠬᠦ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠥᠷᠨᠢᠭᠦᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠥᠷᠭᠡᠨ ᠣᠯᠠᠨ ᠵᠡᠮᠳᠡᠭᠴᠦᠳ ᠲᠤ ᠳᠠᠮᠵᠢᠭᠤᠯᠵᠤ᠂ ᠵᠡᠮᠳᠡᠭᠴᠦᠳ ᠢ ᠬᠠᠶᠢᠷᠠᠯᠠᠵᠤ ᠵᠡᠮᠳᠡᠭᠴᠦᠳ ᠢ ᠳᠡᠮᠵᠢᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号