ᠮᠠᠨ ᠤ ᠬᠤᠰᠢᠭᠤ ᠮᠦᠽᠧᠶ ᠶᠢᠨ ᠡᠳᠦᠷ ᠤᠨ ᠠᠵᠢᠯᠯᠠᠭ᠎ᠠ‌ᠥᠷᠨᠢᠭᠦᠯᠪᠡ
ᠨᠡᠶᠢᠲᠡᠯᠡᠭᠰᠡᠨ ᠴᠠᠭ᠄
2024/5/22
       ᠡᠨᠡ ᠵᠢᠯ ᠤᠨ 5 ᠰᠠᠷ᠎ᠠ ᠶᠢᠨ 18 ᠤ ᠡᠳᠦᠷ ᠪᠣᠯ 48 ᠳ᠋ᠤᠭᠠᠷ ᠤᠳᠠᠭᠠᠨ ᠤ ᠮᠦᠽᠧᠶ ᠶᠢᠨ ᠡᠳᠦᠷ ᠪᠣᠯᠤᠨ᠎ᠠ᠃ ᠡᠨᠡ ᠵᠢᠯ ᠤᠨ ᠮᠦᠽᠧᠶ ᠶᠢᠨ ᠡᠳᠦᠷ ᠠᠵᠢᠯᠯᠠᠭ᠎ᠠ ᠶᠢᠨ ᠭᠤᠤᠯ ᠰᠡᠳᠦᠪ ᠪᠣᠯ ︽ᠮᠦᠽᠧᠶ ᠶᠢ ᠰᠤᠷᠭᠠᠨ ᠬᠥᠮᠦᠵᠢᠯ ᠪᠠ ᠰᠤᠳᠤᠯᠭᠠᠨ ᠳᠤ ᠵᠤᠷᠢᠭᠤᠯᠬᠤ︾ ᠶᠠᠪᠤᠳᠠᠯ ᠪᠣᠯᠤᠨ᠎ᠠ᠃ ᠳᠠᠷᠤᠢ ᠮᠦᠽᠧᠶ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠭᠰᠠᠨ ᠦᠢᠯᠡᠳᠥᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ᠂ ᠰᠤᠳᠤᠯᠭᠠᠨ ᠪᠠ ᠰᠣᠶᠣᠯ ᠤᠨ ᠣᠶᠢᠯᠠᠭᠠᠯᠲᠠ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠥᠯ ᠦᠵᠡᠭᠦᠯᠬᠦ ᠶᠠᠪᠤᠳᠠᠯ ᠪᠣᠯᠤᠨ᠎ᠠ᠃       ᠣᠶᠢᠷ᠎ᠠ ᠳᠤ᠂ ᠬᠤᠰᠢᠭᠤᠨ ᠤ ᠮᠦᠽᠧᠶ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠩᠱᠠᠨ ᠰᠣᠶᠣᠯ ᠤᠨ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠫᠷᠤᠹᠧᠰᠰᠤᠷ ᠢ ᠤᠷᠢᠵᠤ ᠪᠣᠷᠣᠬᠤᠲᠠ ᠭᠤᠷᠪᠠᠳᠤᠭᠠᠷ ᠪᠠᠭ᠎ᠠ ᠰᠤᠷᠭᠠᠭᠤᠯᠢ ᠶᠢᠨ 400 ᠰᠢᠬᠠᠮ ᠪᠠᠭᠰᠢ ᠰᠤᠷᠤᠭᠴᠢᠳ ᠲᠤ ︽ᠬᠠᠰ ᠯᠤᠤ ᠰᠣᠶᠣᠯ︾ ᠤᠨ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ 5 ᠰᠠᠷ᠎ᠠ ᠶᠢᠨ 18 ᠤ ᠡᠳᠦᠷ᠂ ︽ᠯᠤᠤ︾ ᠪᠠᠷ ᠭᠤᠤᠯ ᠰᠡᠳᠥᠪ ᠪᠤᠯᠭᠠᠭᠰᠠᠨ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠮᠦᠽᠧᠶ ᠶᠢᠨ ᠬᠠᠮᠤᠭ ᠤᠨ ᠰᠢᠨ᠎ᠡ ᠵᠢᠷᠤᠵᠤ ᠲᠥᠯᠥᠪᠯᠡᠨ ᠭᠠᠷᠭᠠᠭᠰᠠᠨ 30 ᠭᠠᠷᠤᠶ ᠵᠦᠢᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠢᠷᠤᠭᠲᠤ ᠲᠡᠮᠳᠡᠭ ᠢᠶᠠᠷ ᠪᠦᠷᠢᠯᠳᠦᠭᠰᠡᠨ ︽ᠣᠩᠨᠢᠭᠤᠳ ᠬᠤᠰᠢᠭᠤ︾ ᠳᠡᠮᠳᠡᠭᠳᠥ ᠺᠠᠷᠲᠠᠯᠠᠬᠤ ᠲᠠᠮᠠᠭ᠎ᠠ ᠶᠢ ᠲᠠᠨᠢᠯᠴᠠᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号