ᠮᠠᠨ ᠤ ᠬᠤᠰᠢᠭᠤ ᠠᠩᠬᠠᠳᠤᠭᠠᠷ ᠬᠤᠭᠤᠴᠠᠭᠠᠨ ᠤ ︽ᠤᠷᠤᠭ ᠤᠨ ᠵᠠᠩ ᠦᠢᠯᠡ ᠶᠢᠨ ᠥᠭᠡᠷᠡᠴᠢᠯᠡᠯᠲᠡ ᠶᠢ ᠰᠤᠶᠤᠯ ᠵᠤᠭᠠᠴᠠᠯ ᠲᠠᠢ ᠠᠭᠤᠰᠤᠯᠴᠠᠭᠤᠯᠬᠤ︾ ᠬᠠᠮᠲᠤ ᠶᠢᠨ ᠦᠨᠡᠮᠯᠡᠯ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/22
        5 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠣᠩᠨᠢᠭᠤᠳ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠤᠷᠤᠭ ᠤᠨ ᠵᠠᠩ ᠦᠢᠯᠡ ᠶᠢᠨ ᠥᠭᠡᠷᠡᠴᠢᠯᠡᠯᠲᠡ ᠶᠢ ᠰᠤᠶᠤᠯ ᠵᠤᠭᠠᠴᠠᠯ ᠲᠠᠢ ᠠᠭᠤᠰᠤᠯᠴᠠᠭᠤᠯᠬᠤ︾ ᠤᠷᠤᠭ ᠤᠨ ᠪᠦᠷᠢᠳᠬᠡᠯ ᠤᠨ ᠲᠥᠪ ᠤᠨ ᠬᠠᠮᠲᠤ ᠪᠠᠷ ᠤᠷᠤᠭ ᠤᠨ ᠪᠠᠲᠤᠯᠠᠪᠤᠷᠢ ᠶᠢᠨ ᠦᠨᠡᠮᠯᠡᠯ ᠣᠯᠭᠤᠬᠤ ᠶᠣᠰᠣᠯᠠᠯ ᠰᠡᠨᠳᠡᠩ ᠮᠤᠳᠤᠨ ᠤ ᠰᠠᠭᠤᠷᠢᠨ ᠭᠠᠵᠠᠷ ᠲᠤ ᠵᠢᠩᠬᠢᠨᠢ ᠪᠠᠷ ᠡᠬᠢᠯᠡᠪᠡ᠃ ᠬᠤᠰᠢᠭᠤᠨ ᠳᠡᠳ᠋ ᠳᠠᠷᠤᠭ᠎ᠠ ᠸᠠᠩ ᠶᠦᠩ ᠯᠢ ᠠᠵᠢᠯᠯᠠᠭ᠎ᠠ ᠳᠤ ᠤᠷᠤᠯᠴᠠᠵᠤ 20 ᠬᠤᠤᠰ ᠰᠢᠨ᠎ᠡ ᠬᠥᠮᠦᠨ ᠳᠤ ᠴᠢᠩ ᠰᠡᠳᠬᠢᠯ ᠤᠨ ᠵᠥᠩᠨᠡᠯ ᠳᠡᠪᠰᠢᠭᠦᠯᠪᠡ᠃         ᠠᠵᠢᠯᠯᠠᠭ᠎ᠠ ᠳᠡᠭᠡᠷ᠎ᠡ ᠤᠳᠤᠷᠢᠳᠤᠯᠭ᠎ᠠ ᠠᠴᠠ 20 ᠬᠤᠣᠰ ᠰᠢᠨ᠎ᠡ ᠬᠥᠮᠦᠨ ᠳᠤ ᠤᠷᠤᠭ ᠤᠨ ᠪᠠᠲᠤᠯᠠᠪᠤᠷᠢ ᠶᠢᠨ ᠦᠨᠡᠮᠯᠡᠯ ᠪᠠ ᠤᠷᠤᠭ ᠤᠨ ᠪᠢᠴᠢᠭ ᠣᠯᠭᠤᠵᠤ᠂ ᠰᠢᠨ᠎ᠡ ᠬᠥᠮᠦᠰ ᠤᠷᠤᠭ ᠤᠨ ᠵᠠᠩ ᠦᠢᠯᠡ ᠶᠢᠨ ᠥᠭᠡᠷᠡᠴᠢᠯᠡᠯᠲᠡ ᠶᠢᠨ ᠠᠮᠠᠯᠠᠯᠲᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠬᠤ ᠶᠢᠨ ᠬᠠᠮᠲᠤ ᠬᠠᠮᠲᠤ ᠪᠠᠷ ᠲᠠᠩᠭᠠᠷᠢᠭᠯᠠᠵᠤ᠂ ᠲᠠᠩᠭᠠᠷᠢᠭ ᠢᠶᠠᠨ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠦᠢᠯᠡᠳᠥᠯᠭᠡᠵᠢᠭᠦᠯᠥᠨ᠎ᠡ ᠭᠡᠪᠡ᠃ ᠰᠢᠨ᠎ᠡ ᠬᠤᠣᠰ ᠤᠳ ᠬᠠᠮᠲᠤᠪᠠᠷ ᠢᠨᠠᠭ ᠳᠤᠷᠠᠯᠠᠯ ᠢᠶᠠᠨ ᠪᠡᠯᠭᠡᠳᠡᠭᠰᠡᠨ ᠨᠢᠭᠡ ᠰᠠᠤᠷᠢ ᠰᠡᠨᠳᠡᠩ ᠮᠣᠳᠣ ᠶᠢ ᠳᠠᠭᠠᠭᠠᠴᠢᠯᠠᠵᠤ ᠠᠪᠬᠤ ᠶᠢᠨ ᠬᠠᠮᠲᠤ ᠨᠡᠷ᠎ᠡ ᠬᠠᠳᠠᠭᠰᠠᠨ ᠫᠠᠶᠢᠰᠠ ᠡᠯᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠷᠢᠶᠠᠯᠠᠭ᠎ᠠ ᠶᠢ ᠳᠠᠭᠠᠵᠤ᠂ ᠤᠷᠤᠭᠯᠠᠬᠤ ᠰᠢᠨ᠎ᠡ ᠰᠤᠷᠲᠠᠯ ᠢ ᠰᠠᠨᠠᠭᠠᠴᠢᠯᠠᠨ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠵᠦ᠂ ᠥᠪᠡᠷ ᠤᠨ ᠠᠮᠢᠳᠤᠷᠠᠯ ᠳᠠᠭᠠᠨ ᠭᠤᠶᠢᠳᠠ ᠰᠠᠶᠢᠬᠠᠨ ᠬᠠᠭᠤᠳᠠᠰᠤ ᠵᠢ‌‍ᠪᠢᠴᠢᠭᠯᠡᠭᠰᠡᠨ ᠢᠶᠠᠷ ᠪᠠᠷᠠᠬᠤ ᠥᠬᠡᠶ ᠪᠠᠰᠠ ᠪᠥᠬᠦ ᠬᠤᠰᠢᠭᠤᠨ ᠤ ᠥᠷᠭᠡᠨ ᠣᠯᠠᠨ ᠵᠠᠯᠠᠭᠤᠴᠤᠳ ᠲᠤ ᠥᠯᠢᠭᠡᠷ ᠳᠠᠭᠤᠷᠢᠶᠠᠯ ᠦᠵᠡᠭᠦᠯᠦᠭᠰᠡᠨ ᠪᠠᠶᠢᠨ᠎ᠠ᠃      ᠲᠣᠰ ᠤᠳᠠᠭᠠᠨ ᠤ ᠤᠷᠤᠭ ᠤᠨ ᠪᠦᠷᠢᠳᠬᠡᠯ ᠤᠨ ᠲᠦᠪ ᠤᠨ ᠬᠠᠮᠲᠤ ᠳᠤᠨᠢ ᠦᠨᠡᠮᠯᠡᠯ ᠣᠯᠭᠤᠬᠤ ᠶᠣᠰᠣᠯᠠᠯ ᠪᠣᠯ ᠣᠩᠨᠢᠭᠤᠳ ᠬᠤᠰᠢᠭᠤᠨ ᠤ ᠤᠷᠤᠭ ᠤᠨ ᠵᠠᠩ ᠦᠢᠯᠡ ᠶᠢᠨ ᠥᠭᠡᠷᠡᠴᠢᠯᠡᠯᠲᠡ᠂ ᠵᠠᠩ ᠰᠤᠷᠳᠠᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠬᠢ ᠪᠠᠰᠠ ᠨᠢᠭᠡ ᠤᠳᠠᠭᠠᠨ ᠤ ᠰᠢᠨ᠎ᠡ ᠡᠭᠦᠳᠦᠯᠲᠡ ᠪᠣᠯᠤᠨ᠎ᠠ᠂ ᠭᠤᠣᠯ ᠵᠣᠷᠢᠯᠭ᠎ᠠ ᠨᠢ ᠤᠷᠤᠭ ᠤᠨ ᠪᠦᠷᠢᠳᠬᠡᠯ ᠤᠨ ᠶᠣᠰᠣᠯᠠᠯ ᠢᠶᠠᠷ ᠳᠠᠮᠵᠢᠭᠤᠯᠤᠨ᠂ ᠤᠷᠤᠭᠯᠠᠬᠤ ᠰᠢᠨ᠎ᠡ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠲᠥᠪ ᠬᠢᠴᠢᠶᠡᠩᠭᠦᠢ ᠠᠷᠢᠭᠤᠨ ᠲᠠᠷᠬᠠᠨ ᠤᠷᠤᠭ ᠭᠡᠷ ᠪᠦᠯᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠪᠠᠲᠤ ᠴᠡᠭᠡᠵᠢᠯᠡᠭᠦᠯᠬᠦ ᠶᠠᠪᠤᠳᠠᠯ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号