| 4 ᠰᠠᠷ᠎ᠠ ᠶᠢᠨ30 ᠤ ᠡᠳᠥᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠮᠦᠩᠬᠡ ᠤᠩᠨᠢᠭᠤᠳ ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ | ᠲᠦᠯᠥᠪᠵᠢᠭᠦᠯᠭᠡ ᠶᠢᠨ ᠵᠦᠪᠯᠡᠯ ᠤᠨ 2024 ᠤᠨ ᠤ 2 ᠳ᠋ᠤᠭᠠᠷ ᠤᠳᠠᠭᠠᠨ ᠤ ᠬᠤᠷᠠᠯᠳᠤᠭᠠᠨ ᠢ ᠡᠷᠬᠢᠯᠡᠨ | ᠬᠤᠷᠠᠯᠳᠤᠭᠤᠯᠪᠠ᠃ ᠰᠦᠨ ᠮᠢᠩ ᠲᠤᠤ᠂ ᠵᠧᠩ ᠱᠸᠥ ᠰᠢᠥᠸᠠᠢ᠂ ᠳᠤᠪᠳᠤᠨᠰᠡᠩᠭᠡ᠂ ᠴᠧᠨ ᠰᠤ᠋ ᠮᠸᠢ ᠵᠡᠷᠭᠡ | ᠤᠳᠤᠷᠢᠳᠤᠯᠭ᠎ᠠ ᠬᠤᠷᠠᠯᠳᠤᠭᠠᠨ ᠳᠤ ᠤᠷᠤᠯᠴᠠᠪᠠ᠃ | ᠬᠤᠷᠠᠯᠳᠤᠭᠠᠨ ᠠᠴᠠ ᠪᠤᠷᠤᠬᠤᠲᠠ ᠮᠤᠩᠭᠤᠯ ᠦᠨᠳᠥᠰᠥᠳᠡᠨ ᠤ ᠳᠤᠮᠳᠠᠳᠤ ᠰᠤᠷᠭᠠᠭᠤᠯᠢ ᠶᠢᠨ ᠳᠡᠭᠡᠳᠥ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠦᠬᠦᠯᠳᠡ ᠠᠰᠢᠭᠯᠠᠯᠳᠠ ᠶᠢᠨ ᠪᠠᠷᠢᠯᠭ᠎ᠠ ᠶᠢᠨ ᠪᠦᠲᠥᠭᠡᠨ ᠪᠠᠶᠢᠭᠤᠯᠤᠯᠳᠠ | ᠵᠡᠷᠭᠡ ᠨᠠᠢᠮᠠᠨ ᠲᠦᠷᠥᠯ ᠵᠦᠢᠯ ᠤᠨ ᠲᠦᠯᠥᠪᠵᠢᠭᠦᠯᠭᠡ ᠶᠢ ᠬᠢᠨᠠᠨ ᠪᠠᠶᠢᠴᠠᠭᠠᠵᠤ ᠪᠠᠲᠤᠯᠠᠭᠰᠠᠨ ᠪᠠᠶᠢᠨ᠎ᠠ᠃ | ᠬᠤᠷᠠᠯᠳᠤᠭᠠᠨ ᠠᠴᠠ ᠵᠢᠭᠠᠵᠤ ᠭᠠᠷᠭᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ | ᠲᠦᠯᠥᠪᠵᠢᠭᠦᠯᠭᠡ ᠶᠢᠨ ᠲᠠᠨᠢᠯᠳᠠ ᠢᠶᠠᠨ ᠳᠡᠭᠡᠭᠰᠢᠯᠡᠭᠦᠯᠵᠥ᠂ ᠲᠦᠷᠥᠯ ᠵᠦᠢᠯ ᠤᠨ ᠰᠢᠨᠵᠢᠯᠡᠬᠦ ᠤᠬᠠᠭᠠᠠᠴᠢ | ᠠᠰᠢᠭᠯᠠᠯᠳᠠᠳᠤ ᠴᠢᠨᠠᠷ ᠢ ᠪᠠᠲᠤᠯᠠᠬᠤ ᠶᠢᠨ ᠬᠠᠮᠲᠤ ᠤᠷᠢᠳᠴᠢᠯᠠᠭᠰᠠᠨ ᠴᠢᠨᠠᠷ᠂ ᠰᠢᠰᠲ᠋ᠧᠮᠳᠤ ᠴᠢᠨᠠᠷ᠂ ᠲᠦᠪ | ᠪᠤᠯᠭᠤᠮᠵᠢᠳᠤ ᠴᠢᠨᠠᠷ ᠪᠤᠯᠤᠨ ᠬᠡᠷᠡᠭᠯᠡᠯᠳᠥ ᠴᠢᠨᠠᠷ ᠢ ᠤᠯᠠᠮ ᠨᠢᠭᠡ ᠠᠯᠬᠤᠮ ᠴᠢᠩᠭᠠᠳᠬᠠᠨ᠂ ᠬᠢᠷᠢ ᠲᠦᠪᠰᠢᠨ | ᠦᠨᠳᠥᠷ᠂ ᠦᠵᠡᠮᠵᠢᠳᠡᠢ᠂ ᠲᠦᠮᠡᠨ ᠤ ᠰᠠᠨᠠᠭᠠᠨ ᠳᠤ ᠰᠠᠭᠤᠭᠳᠠᠭᠰᠠᠨ ᠪᠦᠳᠥᠭᠡᠯ ᠭᠠᠷᠭᠠᠵᠤ᠂ ᠤᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ ᠭᠡᠵᠡᠢ᠃ | ᠬᠤᠷᠠᠯᠳᠤᠭᠠᠨ ᠠᠴᠠ ᠪᠠᠰᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠦᠭᠵᠢᠯᠳᠡ ᠶᠢᠨ ᠰᠢᠨ᠎ᠡ | ᠤᠶᠢᠯᠠᠭᠠᠭᠳᠠᠬᠤᠨ ᠢ ᠪᠤᠢ ᠪᠤᠯᠭᠠᠨ᠂ ᠪᠦᠬᠦ ᠲᠠᠯ᠎ᠠ ᠪᠠᠷ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠦᠯᠵᠥ᠂ | ᠡᠯ᠎ᠡ ᠲᠠᠯ᠎ᠠ ᠪᠠᠷ ᠨᠠᠷᠢᠯᠢᠭᠵᠢᠭᠤᠯᠤᠨ ᠪᠠᠶᠢᠷᠢᠰᠢᠭᠤᠯᠵᠤ᠂ ᠦᠨᠳᠥᠷ ᠬᠢᠷᠢ ᠲᠦᠪᠰᠢᠨ ᠲᠠᠢ ᠲᠦᠯᠥᠪᠵᠢᠭᠦᠯᠭᠡ ᠪᠠᠷ | ᠦᠨᠳᠥᠷ ᠶᠠᠰᠤ ᠴᠢᠨᠠᠷ ᠲᠠᠢ ᠬᠦᠭᠵᠢᠯᠳᠡ ᠶᠢ ᠳᠠᠭᠠᠭᠤᠯᠬᠤ ᠬᠡᠷᠡᠭᠳᠡᠢ ᠭᠡᠵᠥ ᠴᠢᠩᠭᠠᠳᠬᠠᠭᠰᠠᠨ ᠪᠠᠶᠢᠨ᠎ᠠ᠃ | |