ᠮᠠᠨ ᠤ ᠬᠤᠰᠢᠭᠤ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ  ᠤᠨ  ᠭᠡᠷ  ᠪᠦᠯᠢ  ᠳᠤ  ᠪᠠᠶᠠᠷ  ᠤᠨ  ᠴᠢᠮᠡᠭᠡ ᠬᠦᠷᠭᠡᠪᠡ
ᠨᠡᠶᠢᠲᠡᠯᠡᠭᠰᠡᠨ ᠴᠠᠭ᠄
2024/5/6
         4 ᠰᠠᠷ᠎ᠠ ᠶᠢᠨ30 ᠤ ᠡᠳᠥᠷ᠂ ᠬᠤᠰᠢᠭᠤᠨ ᠤ  ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠠᠷᠠᠳ  ᠤᠨ ᠵᠡᠪᠰᠡᠭᠳᠥ ᠬᠦᠴᠥᠨ ᠤ ᠬᠡᠯᠲᠡᠰ ᠪᠤᠯᠤᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯᠳᠠᠨ ᠤ ᠶᠠᠪᠤᠳᠠᠯ ᠤᠨ ᠲᠤᠪᠴᠢᠶ᠎ᠠ ᠬᠤᠯᠪᠤᠭᠠᠯᠠᠨ᠂ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠶᠠᠩ ᠵᠧ  ᠪᠤᠯᠤᠨ ᠲᠡᠭᠦᠨ ᠤ ᠭᠡᠷ ᠪᠦᠯᠢ ᠳᠤ ᠪᠠᠶᠠᠷ ᠤᠨ ᠴᠢᠮᠡᠭᠡ ᠬᠦᠷᠭᠡᠵᠥ᠂ ᠪᠠᠶᠠᠷ ᠲᠠᠯᠠᠷᠬᠠᠯ  ᠳᠡᠪᠰᠢᠭᠦᠯᠪᠡ᠃      ᠲᠤᠬᠤᠨᠢᠭᠤᠯᠬᠤ ᠳᠤᠭᠤᠶᠢᠯᠠᠩ ᠨᠢ ᠨᠢᠭᠡ ᠲᠠᠯ᠎ᠠ ᠪᠠᠷ ᠪᠠᠶᠠᠷ ᠲᠠᠯᠠᠷᠬᠠᠯ ᠢᠶᠠᠨ  ᠢᠯᠡᠳᠭᠡᠬᠦ ᠶᠢᠨ ᠬᠠᠮᠲᠤ  ᠲᠡᠭᠦᠨ ᠢ ᠦᠷᠭᠦᠯᠵᠢᠯᠡᠨ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠴᠡᠷᠢᠭ ᠬᠦᠮᠥᠨ ᠤ ᠭᠡᠷᠡᠯ ᠭᠢᠯᠪᠠᠭ᠎ᠠ ᠪᠠᠨ ᠬᠠᠮᠠᠭᠠᠯᠠᠨ᠂  ᠰᠢᠨ᠎ᠡ ᠭᠠᠪᠢᠶ᠎ᠠ ᠵᠢᠳᠬᠦᠯ ᠭᠠᠷᠭᠠᠬᠤ ᠶᠢ ᠵᠤᠷᠢᠭᠵᠢᠭᠤᠯᠤᠭᠰᠠᠨ ᠪᠠᠶᠢᠨ᠎ᠠ᠃      ᠤᠶᠢᠯᠠᠭᠠᠭᠰᠠᠨ ᠢᠶᠠᠷ᠂  ᠶᠠᠩ ᠵᠧ ᠪᠤᠯ 82 ᠳ᠋ᠤᠭᠠᠷ ᠪᠠᠶᠢᠯᠳᠤᠭᠠᠨ ᠤ ᠴᠡᠷᠢᠭ ᠠᠩᠬᠢ ᠶᠢᠨ ᠨᠢᠭᠡᠨ ᠪᠠᠷᠢᠭᠠᠳᠠ ᠶᠢᠨ ᠠᠬᠠᠯᠠᠭᠴᠢ ᠳᠡᠰᠯᠡᠭᠴᠢ ᠤᠯᠤᠰ ᠲᠦᠷᠥ ᠶᠢᠨ ᠵᠢᠭᠠᠨ ᠵᠢᠯᠤᠭᠤᠳᠤᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠨ᠎ᠠ᠃ ᠲᠡᠷᠡ2016 ᠤᠨ ᠳᠤ ᠴᠡᠷᠢᠭ ᠳᠤ  ᠤᠷᠤᠭᠰᠠᠨ ᠠᠴᠠ ᠨᠠᠰᠢ ᠰᠢᠯᠢᠳᠡᠭ ᠺᠠᠳ᠋ᠷ᠂ ᠰᠢᠯᠢᠳᠡᠭ ᠵᠦᠪᠯᠡᠭᠴᠢ᠂  ᠳᠦᠷᠪᠡᠨ ᠰᠠᠶᠢᠨᠳᠠᠢ ᠰᠢᠯᠢᠳᠡᠭ ᠴᠡᠷᠢᠭ ᠤᠨ ᠺᠠᠳ᠋ᠷ ᠵᠡᠷᠭᠡ ᠢᠷᠠᠭᠤ ᠠᠯᠳᠠᠷ ᠢ ᠤᠷᠢᠳ ᠬᠤᠵᠢᠳ ᠬᠦᠷᠲᠡᠵᠥ᠂ 2023 ᠤᠨ   ᠤ ᠠᠵᠢᠯ ᠳᠠᠭᠠᠨ ᠰᠢᠯᠢᠳᠡᠭ ᠬᠢᠷᠢ ᠪᠦᠲᠥᠮᠵᠢ  ᠤᠯᠤᠨ᠂ ᠳᠠᠶᠢᠨ ᠤ ᠪᠡᠯᠡᠳᠬᠡᠯ ᠰᠤᠷᠢᠯᠳᠠ ᠳᠤ ᠬᠤᠪᠢ ᠬᠦᠮᠥᠨ ᠤ ᠬᠤᠶᠠᠳᠤᠭᠠᠷ ᠲᠠᠰ ᠤᠨ ᠭᠠᠪᠢᠶ᠎ᠠ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号