ᠮᠠᠨ ᠤ ᠬᠤᠰᠢᠭᠤᠨ ᠤ 2024 ᠤᠨ ᠤ ᠦᠨᠳᠥᠰᠥᠳᠡᠨ ᠤ  ᠲᠦᠷᠥ  ᠶᠢᠨ  ᠪᠤᠳᠤᠯᠭ᠎ᠠ ᠶᠢᠨ  ᠤᠬᠠᠭᠤᠯᠭ᠎ᠠ ᠶᠢᠨ ᠰᠠᠷ᠎ᠠ  ᠶᠢᠨ  ᠠᠵᠢᠯᠯᠠᠭ᠎ᠠ  ᠵᠢᠩᠬᠢᠨᠢ  ᠪᠠᠷ ᠡᠬᠢᠯᠡᠪᠡ
ᠨᠡᠶᠢᠲᠡᠯᠡᠭᠰᠡᠨ ᠴᠠᠭ᠄
2024/5/6
      4 ᠰᠠᠷ᠎ᠠ ᠶᠢᠨ 30 ᠤ ᠡᠳᠥᠷ᠂ ᠬᠤᠰᠢᠭᠤᠨ ᠤ ᠤᠬᠠᠭᠤᠯᠬᠤ ᠬᠡᠯᠳᠡᠰ᠂ ᠨᠢᠭᠡᠲᠥᠮᠡᠯ ᠹᠷᠤᠨᠲ ᠶᠢᠨ ᠬᠡᠯᠳᠡᠰ ᠂ ᠦᠨᠳᠥᠰᠥᠳᠡᠨ ᠤ ᠬᠡᠷᠡᠭ ᠡᠷᠬᠢᠯᠡᠬᠦ ᠵᠦᠪᠯᠡᠯ᠂ ᠰᠤᠷᠭᠠᠨ ᠬᠦᠮᠥᠵᠢᠯ ᠤᠨ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ ᠬᠠᠮᠲᠤᠷᠠᠨ ᠡᠷᠬᠢᠯᠡᠭᠰᠡᠨ“ ᠨᠠᠶᠢᠳᠠᠯᠭ᠎ᠠ ᠶᠢ ᠪᠠᠲᠤ ᠴᠡᠭᠡᠵᠢᠯᠡᠨ᠂ ᠲᠠᠯᠠᠷᠬᠠᠨ ᠤᠷᠤᠭᠰᠢᠯᠠᠵᠤ᠂ ᠳᠤᠮᠳᠠᠳᠤ  ᠶᠢᠨ ᠦᠨᠳᠥᠰᠥᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠡᠭᠦᠯᠬᠦ ᠵᠢᠱᠢᠶ᠎ᠡ ᠦᠵᠡᠭᠦᠯᠬᠦ ᠤᠷᠤᠨ ᠢ ᠪᠦᠬᠦ ᠲᠠᠯ᠎ᠠ ᠪᠠᠷ ᠪᠦᠲᠥᠭᠡᠨ ᠪᠠᠶᠢᠭᠤᠯᠬᠤ ᠤᠩᠨᠢᠭᠤᠳ ᠬᠤᠰᠢᠭᠤᠨ ᠤ 2024 ᠤᠨ ᠤ ᠦᠨᠳᠥᠰᠥᠳᠡᠨ ᠤ ᠲᠦᠷᠥ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ” ᠬᠤᠰᠢᠭᠤᠨ ᠤ ᠪᠡᠶ᠎ᠡ ᠲᠠᠮᠢᠷ ᠤᠨ ᠲᠠᠯᠠᠪᠤᠷ ᠲᠤ ᠵᠢᠩᠬᠢᠨᠢ ᠪᠠᠷ ᠡᠬᠢᠯᠡᠪᠡ᠃       ᠡᠬᠢᠯᠡᠯᠳᠡ ᠶᠢᠨ ᠶᠤᠰᠤᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠥᠮᠡᠯ ᠪᠷᠤᠨᠲ ᠶᠢᠨ ᠬᠡᠯᠳᠡᠰ ᠤᠨ ᠳᠠᠷᠤᠭ᠎ᠠ ᠭᠧᠩ ᠸᠧᠢ ᠳ᠋ᠦᠩ ᠳᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ《 ᠤᠩᠨᠢᠭᠤᠳ ᠬᠤᠰᠢᠭᠤᠨ ᠤ ᠪᠦᠬᠦ ᠤᠯᠤᠰ ᠤᠨ ᠦᠨᠳᠥᠰᠥᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠥᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ》 ᠢ ᠤᠩᠰᠢᠨ ᠵᠠᠷᠯᠠᠪᠠ᠃ ᠠᠵᠢᠯᠯᠠᠭ᠎ᠠ ᠨᠢ᠂ ᠡᠯ᠎ᠡ ᠭᠠᠵᠠᠷ ᠤᠷᠤᠨ᠂ ᠪᠠᠶᠢᠭᠤᠯᠭ᠎ᠠ ᠨᠢᠭᠡᠴᠡ ᠨᠢ ᠳᠤᠮᠳᠠᠳᠤ  ᠶᠢᠨ ᠦᠨᠳᠥᠰᠥᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠤᠯ ᠱᠤᠭᠤᠮ ᠪᠤᠯᠭᠠᠵᠤ᠂ ᠣᠨᠣᠯᠵᠢᠭᠤᠯᠤᠨ᠂ ᠤᠨᠴᠠᠯᠢᠭᠵᠢᠭᠤᠯᠵᠤ ᠤᠬᠠᠭᠤᠯᠭ᠎ᠠ ᠶᠢ ᠰᠠᠶᠢᠲᠤᠷ ᠦᠷᠨᠢᠭᠦᠯᠵᠥ᠂ ᠲᠦᠷᠥ ᠶᠢᠨ ᠪᠤᠳᠤᠯᠭ᠎ᠠ ᠶᠢᠨ ᠠᠰᠢᠭᠳᠠᠢ ᠴᠠᠭ ᠲᠤᠬᠢᠶᠠᠯ ᠢ ᠡᠵᠡᠮᠳᠡᠨ᠂ ᠪᠦᠬᠦ ᠬᠤᠰᠢᠭᠤᠨ ᠤ ᠡᠯ᠎ᠡ ᠦᠨᠳᠥᠰᠥᠳᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠤᠨ᠂ ᠤᠩᠨᠢᠭᠤᠳ ᠬᠤᠰᠢᠭᠤᠨ ᠤ ᠦᠨᠳᠥᠰᠥᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠤᠨ ᠦᠨᠳᠥᠷ ᠶᠠᠰᠤ ᠴᠢᠨᠠᠷ ᠲᠠᠢ ᠬᠦᠭᠵᠢᠯᠳᠡ ᠶᠢᠨ  ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠥ ᠤᠷᠢᠶᠠᠯᠠᠭᠰᠠᠨ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号