| ᠣᠩᠨᠢᠭᠤᠳ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠰᠢᠨ᠎ᠡ ᠡᠨᠧᠷᠭᠢ ᠶᠢᠨ ᠰᠠᠭᠤᠷᠢᠨ | ᠭᠠᠵᠠᠷ ᠳᠠᠬᠢ ᠵᠢᠩ ᠨᠧᠩ ᠬᠡᠷᠡᠯ ᠴᠡᠨᠡᠭ ᠤᠨ ᠲᠥᠷᠥᠯ ᠵᠦᠢᠯ ᠤᠨ ᠲᠣᠭᠤᠷᠢᠭ ᠤᠨ ᠲᠤᠯᠭᠠᠭᠤᠷᠢ ᠪᠤᠰᠬᠠᠬᠤ | ᠰᠠᠭᠤᠷᠢ ᠢᠨᠵᠧᠨᠧᠷᠢᠩ ᠰᠢᠪᠲᠤᠷᠭᠠᠨ ᠳᠠᠭᠠᠨ ᠤᠷᠤᠬᠤ ᠶᠢᠨ ᠬᠠᠮᠲᠤ ᠠᠮᠢ ᠠᠬᠤᠢ ᠶᠢᠨ ᠵᠠᠰᠠᠯᠲᠠ ᠶᠢᠨ | ᠢᠨᠵᠧᠨᠧᠷᠢᠩ ᠢ ᠵᠡᠷᠭᠡᠪᠡᠷ ᠶᠠᠪᠤᠭᠳᠠᠭᠤᠯᠵᠤ ᠡᠬᠢᠯᠡᠭᠰᠡᠨ ᠪᠠᠶᠢᠨ᠎ᠠ᠃ | ᠵᠢᠩ ᠨᠧᠩ ᠭᠡᠷᠡᠯ ᠴᠡᠨᠡᠭ ᠤᠨ ᠲᠥᠷᠥᠯ ᠵᠦᠢᠯ ᠤᠨ ᠣᠷᠣᠨ ᠤ ᠡᠵᠡᠯᠡᠬᠦ ᠲᠠᠯᠠᠪᠠᠶ ᠨᠢ ᠪᠠᠷᠤᠭ 4000 | ᠮᠦ ᠪᠠᠶᠢᠵᠤ᠂ ᠠᠮᠢ ᠠᠬᠤᠢ ᠶᠢᠨ ᠵᠠᠰᠠᠯᠲᠠ ᠶᠢ ᠬᠡᠷᠡᠭᠵᠢᠭᠦᠯᠵᠦ ᠪᠣᠯᠬᠤ ᠲᠠᠯᠠᠪᠠᠶ ᠨᠢ 2540 ᠮᠦ ᠪᠠᠶᠢᠨ᠎ᠠ᠃ | ᠤᠶᠢᠷ᠎ᠠ ᠶᠢᠨ ᠬᠡᠳᠦᠨ ᠡᠳᠦᠷ᠂ ᠮᠧᠩ ᠳ᠋ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠢᠵᠠᠭᠠᠷᠲᠤ | ᠺᠣᠮᠫᠠᠨᠢ ᠶᠢᠨ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠤᠨ ᠲᠠᠯᠠᠪᠠᠢ ᠳᠤ ᠣᠷᠣᠭᠤᠯᠵᠤ᠂ ᠲᠦᠷᠦᠯ ᠵᠦᠢᠯ ᠤᠨ | ᠲᠣᠭᠤᠷᠢᠭ ᠤᠨ ᠭᠠᠳᠠᠷ ᠲᠠᠯ᠎ᠠ ᠵᠢᠴᠢ ᠲᠠᠯᠠᠪᠠᠢ ᠶᠢᠨ ᠲᠣᠭᠤᠷᠢᠭ ᠢ ᠰᠡᠯᠪᠢᠨ ᠵᠠᠰᠠᠬᠤ ᠵᠠᠮ ᠤᠨ ᠬᠤᠶᠠᠷ ᠬᠠᠵᠠᠭᠤ ᠶᠢᠨ | ᠬᠠᠮᠠᠭᠠᠯᠠᠯᠲᠠ ᠶᠢᠨ ᠤᠢ ᠶᠢ ᠡᠬᠢᠯᠡᠨ ᠰᠠᠭᠤᠯᠭᠠᠪᠠ᠃ ᠬᠠᠯᠬᠠᠪᠴᠢ ᠣᠶ ᠶᠢᠨ ᠪᠦᠰᠡ ᠶᠢ ᠪᠦᠲᠦᠭᠡᠨ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠭᠡᠷᠡᠯ ᠴᠡᠨᠡᠭ ᠤᠨ ᠬᠠᠪᠲᠠᠰᠤᠨ ᠳᠣᠣᠷᠠᠬᠢ ᠠᠮᠢ ᠠᠬᠤᠢ ᠶᠢᠨ ᠵᠠᠰᠠᠯᠲᠠ ᠶᠢ | ᠬᠡᠷᠡᠭᠵᠢᠭᠦᠯᠵᠦ᠂ ᠵᠠᠰᠠᠬᠤ ᠲᠠᠯᠠᠪᠠᠶ ᠨᠢ ᠪᠠᠷᠤᠭ 2100 ᠮᠦ ᠬᠦᠷᠬᠦ ᠪᠤᠯᠤᠨ᠎ᠠ᠃ ᠡᠭᠦᠨ ᠳᠤ ᠵᠡᠭᠡᠷᠭᠡᠨ᠎ᠡ ᠂ | ᠴᠠᠷᠭᠠᠰᠤ ᠪᠠᠷ ᠭᠤᠤᠯᠯᠠᠭᠤᠯᠵᠤ᠂ ᠴᠢᠴᠠᠷᠭᠠᠨ᠎ᠠ᠂ ᠰᠢᠷᠥᠨ ᠤᠨᠵᠢᠯᠭ᠎ᠠ᠂ ᠰᠢᠬᠢᠷ ᠡᠪᠡᠰᠦ ᠵᠡᠷᠭᠡ | ᠡᠯᠡᠰᠦᠨ ᠤᠷᠭᠤᠮᠠᠯ ᠢ ᠲᠤᠷᠰᠢᠨ ᠳᠠᠷᠢᠵᠤ᠂ 7 ᠰᠠᠷ᠎ᠠ ᠳᠤ ᠪᠦᠬᠦᠨ ᠢ ᠵᠠᠰᠠᠵᠤ ᠳᠠᠭᠤᠰᠬᠠᠬᠤ ᠪᠠᠷ ᠲᠦᠯᠥᠪᠯᠡᠵᠥ | ᠪᠠᠶᠢᠨ᠎ᠠ ᠃ | | |