ᠮᠦᠩᠬᠡ  ᠠᠶᠤᠯᠭᠦᠢ ᠦᠢᠯᠡᠳᠪᠥᠷᠢᠯᠡᠯ ᠤᠨ ᠠᠵᠢᠯ ᠢ ᠪᠠᠶᠢᠴᠠᠭᠠᠨ  ᠵᠢᠯᠤᠭᠤᠳᠪᠠ
ᠨᠡᠶᠢᠲᠡᠯᠡᠭᠰᠡᠨ ᠴᠠᠭ᠄
2024/5/6
          4 ᠰᠠᠷ᠎ᠠ ᠶᠢᠨ 30 ᠤ ᠡᠳᠥᠷ᠂ ᠬᠤᠰᠢᠭᠤᠨ ᠤ ᠨᠠᠮ ᠤᠨ ᠬᠤᠷᠢᠶᠠᠨ ᠤᠨ ᠳᠡᠳ᠋ ᠱᠦᠵᠢ᠂ ᠬᠤᠰᠢᠭᠤᠨ ᠳᠠᠷᠤᠭ᠎ᠠ ᠮᠦᠩᠬᠡ ᠬᠡᠰᠡᠭ ᠪᠦᠯᠥᠭ ᠪᠠᠶᠢᠭᠤᠯᠭ᠎ᠠ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠥᠷᠢᠯᠡᠯ  ᠤᠨ ᠠᠵᠢᠯ ᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃ ᠭᠤᠤ ᠶᠦᠩ ᠡᠤ᠂ ᠳ᠋ᠠᠢ ᠢᠥᠢ ᠬᠤᠸᠠ ᠵᠡᠷᠭᠡ ᠤᠳᠤᠷᠢᠳᠤᠯᠭ᠎ᠠ ᠬᠠᠮᠲᠤ ᠪᠠᠷ ᠪᠠᠶᠢᠴᠠᠭᠠᠨ  ᠰᠤᠳᠤᠯᠪᠠ᠃        ᠮᠦᠩᠬᠡ ᠵᠡᠷᠭᠡ ᠤᠳᠤᠷᠢᠳᠤᠯᠭ᠎ᠠ ᠤᠷᠢᠳ ᠬᠤᠵᠢᠳ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠯᠠᠭᠠᠠᠬᠠᠳᠠ ᠶᠢᠨ ᠤᠩᠨᠢᠭᠤᠳ ᠬᠤᠰᠢᠭᠤᠨ ᠤ ᠬᠤᠲᠠ ᠳᠤᠭᠤᠶᠢᠷᠠᠭᠰᠠᠨ ᠵᠠᠮ ᠤᠨ ᠬᠤᠶᠢᠲᠤ ᠬᠡᠰᠡᠭ ᠳᠠᠬᠢ ᠬᠤᠸᠠᠨ ᠪᠸᠢ ᠲᠤᠰᠤ ᠨᠡᠮᠡᠬᠦ ᠦᠷᠲᠡᠭᠡ᠂ ᠪᠠᠶᠠᠰᠬᠤᠯᠠᠩᠳᠤ ᠬᠤᠲᠠ ᠵᠤᠭ᠎ᠠ ᠴᠡᠩᠬᠡᠯ ᠤᠨ ᠭᠠᠵᠠᠷ᠂ ᠪᠤᠷᠤᠬᠤᠲᠠ ᠮᠠᠰᠢᠨ ᠲᠡᠷᠭᠡᠨ ᠦᠷᠲᠡᠭᠡ᠂ ᠳᠤᠲᠤᠭᠠᠳᠤ ᠶᠢ ᠬᠠᠮᠠᠭᠠᠯᠠᠬᠤ ᠲᠤᠪᠴᠢᠶᠠᠨ ᠤ ᠮᠡᠳᠡᠭᠡ ᠴᠢᠮᠡᠭᠡᠨ ᠤ ᠲᠦᠪ ᠵᠡᠷᠭᠡ ᠭᠠᠵᠠᠷ   ᠲᠤ ᠭᠦᠨᠵᠡᠭᠡᠶᠢᠷᠡᠨ᠂ 5 ᠰᠠᠷ᠎ᠠ ᠶᠢᠨ 1   ᠤ ᠠᠮᠠᠷᠠᠯᠳᠠ ᠶᠢᠨ ᠬᠤᠭᠤᠴᠠᠭᠠᠨ ᠤ ᠰᠤᠶᠤᠯ ᠵᠤᠭᠠᠴᠠᠯ ᠤᠨ ᠬᠦᠷᠢᠶ᠎ᠡ ᠴᠠᠷᠠᠭᠠᠨ ᠤ ᠠᠶᠤᠯᠭᠦᠢ ᠦᠢᠯᠡᠳᠪᠥᠷᠢᠯᠡᠯ᠂ ᠨᠡᠶᠢᠭᠡᠮ ᠤᠨ ᠠᠮᠤᠷ ᠢ ᠬᠠᠮᠠᠭᠠᠯᠠᠬᠤ ᠪᠤᠯᠤᠨ ᠵᠠᠮ  ᠬᠠᠷᠢᠯᠴᠠᠭᠠᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ  ᠵᠢᠯᠤᠭᠤᠳᠪᠠ᠃       ᠮᠦᠩᠬᠡ ᠶᠠᠷᠢᠶᠠᠨ ᠳᠠᠭᠠᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠠᠮᠠᠷᠠᠯᠳᠠ ᠶᠢᠨ ᠬᠤᠭᠤᠴᠠᠭᠠᠨ ᠤ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠢ ᠲᠠᠨᠢᠵᠤ᠂ ᠠᠮᠵᠢᠯᠳᠠ ᠲᠠᠢ ᠪᠡᠶᠡᠯᠡᠭᠦᠯᠬᠦ ᠬᠡᠷᠡᠭᠳᠡᠢ᠃ ᠪᠦᠬᠦ ᠬᠤᠰᠢᠭᠤᠨ  ᠤ ᠡᠮᠥᠨ᠎ᠡ ᠠᠴᠠ᠂ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠲᠤ ᠬᠠᠷᠢᠭᠤᠴᠠᠬᠤ ᠡᠭᠦᠳᠡᠨ ᠠᠴᠠ ᠠᠶᠤᠯ ᠭᠡᠮ ᠢ ᠰᠡᠷᠭᠡᠶᠢᠯᠡᠬᠦ ᠠᠷᠭ᠎ᠠ ᠠᠪᠴᠠᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠷᠤᠰᠢᠵᠤ ᠪᠠᠶᠢᠭ᠎ᠠ ᠳᠠᠯᠳᠠ ᠭᠡᠮ ᠰᠤᠭᠤᠭ ᠢ ᠲᠤᠶᠢᠯᠪᠤᠷᠢᠳᠠᠢ  ᠰᠢᠢᠳᠪᠥᠷᠢᠯᠡᠨ ᠴᠡᠪᠡᠷᠯᠡᠬᠦ ᠬᠡᠷᠡᠭᠳᠡᠢ᠃  ᠰᠤᠷᠢᠯᠳᠠ ᠪᠤᠯᠪᠠᠰᠤᠷᠠᠯ ᠢᠶᠠᠨ ᠴᠢᠩᠭᠠᠷᠠᠭᠤᠯᠵᠤ᠂ ᠮᠡᠳᠡᠯᠭᠡ ᠮᠡᠷᠭᠡᠵᠢᠯ ᠢᠶᠠᠨ  ᠳᠡᠭᠡᠭᠰᠢᠯᠡᠭᠦᠯᠥᠨ᠂ ᠵᠢᠭᠠᠨ ᠵᠢᠯᠤᠭᠤᠳᠤᠯᠭ᠎ᠠ ᠪᠠᠨ ᠴᠢᠩᠭᠠᠳᠬᠠᠵᠤ  ᠠᠮᠠᠷᠠᠯᠳᠠ ᠶᠢᠨ ᠬᠤᠭᠤᠴᠠᠭᠠᠨ ᠤ ᠠᠮᠤᠷ ᠲᠠᠶᠢᠪᠤᠩ ᠡᠮᠬᠢ ᠲᠢᠭᠯᠢᠮ ᠢ ᠦᠨᠡᠩᠬᠦ ᠪᠠᠲᠤᠯᠠᠬᠤ ᠬᠡᠷᠡᠭᠳᠡᠢ ᠭᠡᠰᠡᠨ ᠪᠠᠶᠢᠨ᠎ᠠ
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号