| | 6 ᠰᠠᠷ᠎ᠠ ᠶᠢᠨ 8 ᠤ ᠡᠳᠦᠷ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠤᠯᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ︽ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠨ ᠤᠯᠠᠮᠵᠢᠯᠠᠵᠤ᠂ ᠲᠡᠤᠬᠡ ᠰᠣᠶᠣᠯ ᠤᠨ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠶ᠎ᠡ︾ | ᠭᠡᠬᠦ 2024 ᠣᠨ ᠤ ᠤᠯᠠᠭᠠᠨᠬᠠᠳᠠ ᠬᠤᠲᠠ ᠶᠢᠨ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ | ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠭᠡ ᠶᠢᠨ ᠠᠵᠢᠯᠯᠠᠭ᠎ᠠ ᠬᠠᠰ ᠯᠤᠤ ᠨᠠᠭᠤᠷ | ᠪᠦᠷᠢᠳᠥᠳᠥ ᠦᠵᠡᠮᠵᠢ ᠶᠢᠨ ᠣᠷᠣᠨ ᠳᠤ ᠡᠬᠢᠯᠡᠪᠡ᠃ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ | ᠪᠣᠳᠠᠰ ᠤᠨ ᠪᠤᠰᠤ ᠰᠣᠶᠣᠯ ᠤᠨ ᠥᠪ ᠤᠨ 54 ᠲᠥᠷᠥᠯ ᠵᠦᠢᠯ᠂ 80 ᠭᠠᠷᠤᠶ ᠤᠯᠠᠮᠵᠢᠯᠠᠭᠴᠢ ᠵᠢᠴᠢ ᠠᠵᠢᠯ | ᠡᠷᠭᠢᠯᠡᠭᠴᠢᠳ ᠦᠵᠡᠰᠬᠦᠯᠡᠩ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠡᠩᠭᠡᠷᠭᠡ ᠴᠣᠬᠢᠬᠤ᠂ ᠦᠨᠳᠦᠰᠦᠲᠡᠨ ᠤ ᠬᠤᠪᠴᠠᠰᠤ ᠵᠠᠰᠠᠯ ᠤᠨ | ᠦᠵᠡᠭᠦᠯᠦᠯᠭᠡ᠂ ᠠᠶᠠᠭᠠᠨ ᠪᠥᠵᠢᠭ᠂ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ ᠠᠷᠠᠳ ᠤᠨ ᠳᠠᠭᠤᠤ᠂ | ᠮᠣᠷᠢᠨ ᠬᠤᠭᠤᠷ ᠤᠨ ᠬᠥᠭᠵᠢᠮ᠂ ᠲᠣᠪᠰᠢᠭᠤᠷ᠂ ᠭᠡᠰᠡᠷ ᠬᠠᠶᠢᠯᠬᠤ ᠵᠡᠷᠭᠡ ᠭᠤᠶᠢᠳᠠ ᠰᠠᠶᠢᠬᠠᠨ ᠪᠣᠳᠠᠰ ᠤᠨ ᠪᠤᠰᠤ | ᠰᠣᠶᠣᠯ ᠤᠨ ᠥᠪ ᠤᠨ ᠲᠣᠭᠯᠠᠯᠲᠠ ᠡᠭᠡᠯᠵᠢᠯᠡᠨ ᠲᠣᠭᠯᠠᠵᠤ᠂ ᠮᠠᠰᠢ ᠣᠯᠠᠨ ᠵᠤᠭᠠᠴᠠᠭᠰᠠᠳ ᠤᠨ ᠠᠩᠬᠠᠷᠤᠯ ᠢ | ᠲᠠᠲᠠᠪᠠ᠃ | ᠬᠠᠰ ᠯᠤᠤ ᠨᠠᠭᠤᠷ ᠪᠦᠷᠢᠳᠥᠳᠥ ᠦᠵᠡᠮᠵᠢ ᠶᠢᠨ ᠣᠷᠣᠨ ᠨᠢ ᠤᠯᠠᠮᠵᠢᠯᠠᠯᠲᠤ ᠤᠷ᠎ᠠ ᠮᠡᠷᠭᠡᠵᠢᠯ᠂ ᠤᠷᠠᠨ | ᠵᠢᠷᠤᠭ᠂ ᠳᠠᠭᠤᠤ ᠬᠥᠭᠵᠢᠮ᠂ ᠠᠶᠠᠯᠭᠤ ᠪᠥᠵᠢᠭ᠂ ᠠᠷᠠᠳ ᠤᠨ ᠵᠠᠩ ᠦᠢᠯᠡ ᠶᠢᠨ ᠲᠣᠭᠤᠷᠢᠨ ᠳᠤ ᠪᠣᠳᠠᠰ ᠤᠨ | ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠪᠣᠷᠣᠯᠠᠭᠤᠯᠬᠤ᠂ ᠪᠡᠶᠡᠴᠢᠯᠡᠨ ᠣᠶᠢᠯᠠᠭᠠᠬᠤ ᠲᠠᠪᠴᠠᠩ ᠵᠡᠷᠭᠡ ᠶᠢ | ᠪᠠᠶᠢᠭᠤᠯᠵᠤ᠂ ᠦᠵᠡᠭᠴᠢᠳ ᠵᠤᠭᠠᠴᠠᠭᠰᠠᠳ ᠤᠨ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ ᠪᠦᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ | ᠥᠪ ᠤᠨ ᠤᠬᠠᠭᠤᠯᠭ᠎ᠠ ᠤᠯᠠᠮᠵᠢᠯᠠᠯ ᠢ ᠴᠢᠩᠭᠠᠳᠬᠠᠭᠰᠠᠨ ᠢᠶᠠᠷ ᠪᠠᠷᠠᠬᠤ ᠦᠭᠡᠢ ᠰᠤᠶᠤᠯ ᠵᠢᠭᠤᠯᠴᠢᠯᠠᠯ ᠤᠨ | ᠠᠭᠤᠰᠤᠯᠴᠠᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠤᠷᠤᠨ ᠨᠤᠲᠤᠭ ᠤᠨ ᠠᠵᠤ ᠠᠬᠤᠢ ᠨᠡᠶᠢᠭᠡᠮ ᠤᠨ | ᠬᠦᠭᠵᠢᠯᠳᠡ ᠳᠤ ᠰᠢᠨ᠎ᠡ ᠨᠢᠭᠡᠨ ᠠᠮᠢᠯᠠᠯ ᠤᠨ ᠬᠦᠴᠥᠨ ᠨᠡᠮᠡᠷᠢᠯᠡᠵᠥ᠂ ᠦᠵᠡᠭᠴᠢᠳ ᠵᠤᠭᠠᠴᠠᠭᠰᠠᠳ ᠤᠨ ᠤᠶᠤᠨ | ᠰᠠᠨᠠᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠪᠠᠰᠠ ᠨᠢᠭᠡᠨ ᠬᠦᠴᠥᠨ ᠵᠦᠢᠯ ᠪᠤᠯᠤᠭᠰᠠᠨ ᠪᠠᠶᠢᠨ᠎ᠠ᠃ | |