ᠪᠣᠷᠣᠬᠤᠳᠠ ᠠᠴᠠ ᠪᠠᠶᠠᠨᠲᠤᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠵᠠᠮ ᠢᠶᠠᠷ ᠠᠶᠠᠯᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/12
          6 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠣᠩᠨᠢᠭᠤᠳ ᠬᠤᠰᠢᠭᠤᠨ ᠤ ᠮᠠᠰᠢᠨ ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠬᠠᠰ ᠯᠤᠤ ᠶᠢᠨ ᠦᠯᠵᠡᠶᠢᠳᠥ ᠨᠤᠲᠤᠭ ᠤᠨ ᠪᠦᠬᠦ ᠤᠯᠤᠰ ᠤᠨ ᠬᠠᠮᠤᠭ ᠤᠨ ᠭᠤᠶᠣ ᠬᠥᠳᠡᠭᠡ ᠲᠣᠰᠬᠤᠨ ᠤ ᠵᠠᠰᠠᠮᠠᠯ ᠵᠠᠮ ᠪᠣᠯᠬᠤ ᠪᠣᠷᠣᠬᠤᠳᠠ ᠠᠴᠠ ᠪᠠᠶᠠᠨᠲᠤᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠵᠠᠮ ᠢᠶᠠᠷ ᠠᠶᠠᠯᠠᠬᠤ ᠠᠵᠢᠯᠯᠠᠭ᠎ᠠ ᠡᠬᠢᠯᠡᠭᠰᠡᠨ ᠪᠠᠶᠢᠨ᠎ᠠ᠃       ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 500 ᠭᠠᠷᠤᠶ ᠮᠠᠰᠢᠨ ᠲᠡᠷᠭᠡᠴᠢᠨ ᠮᠤᠲᠤᠷᠴᠢᠳ ᠪᠣᠷᠣᠬᠤᠳᠠ ᠠᠴᠠ ᠪᠠᠶᠠᠨᠲᠤᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠵᠠᠮ ᠤᠨ ᠡᠬᠢᠯᠡᠯᠲᠡ ᠶᠢᠨ ᠴᠡᠭ ᠠᠴᠠ ᠠᠶᠠᠨ ᠢᠶᠠᠨ ᠡᠬᠢᠯᠡᠭᠦᠯᠪᠡ᠃ᠪᠣᠷᠣᠬᠤᠳᠠ ᠠᠴᠠ ᠪᠠᠶᠠᠨᠲᠤᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠮ ᠪᠣᠯ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠤ ᠭᠤᠣᠯ ᠲᠠᠯᠠᠪᠤᠷ ᠪᠣᠯᠬᠤ ᠶᠤᠮ᠃ ᠲᠡᠭᠦᠨ ᠤ ᠪᠦᠬᠦ ᠣᠷᠳᠣ ᠨᠢ 91 ᠺᠢᠯᠣᠮᠧᠳ᠋ᠷ ᠪᠠᠶᠢᠵᠤ᠂ ᠬᠤᠷᠴᠢᠨ ᠤ ᠡᠯᠡᠰᠦᠷᠬᠡᠭ ᠭᠠᠵᠠᠷ ᠢ ᠬᠥᠨᠳᠡᠯᠡᠨ ᠲᠤᠭᠤᠯᠵᠤ᠂ ᠤᠳᠤᠬᠠᠨ ᠤ ᠪᠠᠶᠢᠳᠠᠯ ᠠᠴᠠ ᠦᠵᠡᠪᠡᠯ᠂ ᠤᠯᠠᠭᠠᠨᠬᠠᠳᠠ ᠬᠤᠲᠠ ᠶᠢᠨ ᠠᠩᠬᠠᠳᠠᠭᠴᠢ ᠬᠡᠪᠴᠢᠶ᠎ᠡ ᠪᠠᠷ ᠬᠠᠮᠤᠭ ᠤᠨ ᠶᠡᠭᠡ᠂ ᠣᠷᠳᠣ ᠨᠢ ᠬᠠᠮᠤᠭ ᠤᠨ ᠤᠷᠲᠤ ᠡᠯᠡᠰᠦ ᠲᠤᠭᠤᠯᠤᠭᠰᠠᠨ ᠵᠠᠰᠠᠮᠠᠯ ᠵᠠᠮ ᠪᠣᠯᠤᠨ᠎ᠠ᠃ ᠲᠤᠰ ᠵᠠᠰᠠᠮᠠᠯ ᠵᠠᠮ ᠨᠢ 4 ᠰᠤᠮᠤ ᠪᠠᠯᠭᠠᠰᠤ ᠪᠠᠷ ᠥᠩᠭᠡᠷᠡᠵᠦ᠂ ᠵᠠᠮ ᠳᠠᠭᠠᠤ ᠡᠷᠬᠢᠨ ᠲᠣᠭᠤᠷᠢᠨ ᠤ ᠤᠨᠴᠠᠯᠢᠬᠳᠤ ᠠᠵᠤ ᠦᠢᠯᠡᠰ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ᠂ ᠬᠤᠪᠢᠰᠬᠠᠯᠳᠤ ᠰᠤᠳᠤᠯᠭᠠᠨ ᠤ ᠭᠠᠵᠠᠷ ᠪᠣᠯᠤᠨ ᠤᠨᠴᠠᠯᠢᠬᠳᠤ ᠵᠤᠭᠠᠴᠠᠯ ᠤᠨ ᠡᠬᠢ ᠪᠠᠶᠠᠯᠢᠭ ᠢ ᠬᠡᠯᠬᠢᠶ᠎ᠡ ᠪᠣᠯᠭᠠᠨ ᠬᠤᠯᠪᠣᠵᠤ᠂ ᠬᠦᠮᠥᠨ ᠪᠠᠶᠢᠭᠠᠯᠢ ᠢ ᠠᠭᠤᠰᠬᠠᠭᠰᠠᠨ ᠠᠴᠠ ᠲᠤᠰ ᠵᠠᠮ ᠢᠶᠠᠷ ᠠᠶᠠᠯᠠᠬᠤ ᠳᠤ ᠰᠢᠯᠥᠭ ᠵᠢᠷᠤᠭ ᠰᠢᠭ ᠦᠵᠡᠮᠵᠢ ᠲᠠᠨ ᠤ ᠬᠠᠷᠠᠭᠠᠨ ᠳᠤ ᠲᠤᠳᠤᠷᠠᠬᠤ ᠪᠣᠯᠣᠨ᠎ᠠ᠃ ᠡᠨᠡ ᠬᠦ ᠵᠣᠷᠪᠣᠰ ᠵᠠᠮ ᠨᠢ ᠣᠩᠨᠢᠭᠤᠳ ᠬᠤᠰᠢᠭᠤᠨ ᠤ ᠡᠯᠡᠰᠦ ᠮᠠᠩᠬ᠎ᠠ ᠶᠢ ᠵᠠᠰᠠᠬᠤ ᠵᠣᠷᠢᠭ ᠰᠠᠨᠠᠭᠠᠨ ᠤ ᠨᠡᠷ᠎ᠡ ᠶᠢᠨ ᠬᠠᠭᠤᠳᠠᠰᠤ ᠪᠣᠯᠣᠭᠰᠠᠨ ᠢᠶᠠᠷ ᠪᠠᠷᠠᠬᠤ ᠦᠭᠡᠢ᠂ ᠪᠠᠰᠠ ᠴᠤ ᠬᠤᠳᠠ ᠬᠥᠳᠡᠭᠡ ᠶᠢ ᠬᠤᠯᠪᠣᠭᠰᠠᠨ ᠵᠠᠮ ᠬᠠᠷᠢᠯᠴᠠᠭᠠᠨ ᠤ ᠰᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠤᠪᠢᠷᠠᠯᠲᠠ ᠶᠢᠨ ᠴᠣᠩᠬᠤ ᠪᠣᠯᠣᠭᠰᠠᠨ ᠪᠠᠶᠢᠨ᠎ᠠ᠃        ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤ ᠡᠯᠡᠰᠥᠷᠬᠡᠭ ᠤᠷᠤᠨ ᠤ ᠡᠬᠡ ᠪᠠᠶᠠᠯᠢᠭ ᠲᠠᠭᠠᠨ ᠲᠦᠰᠢᠭᠯᠡᠨ᠂ ᠳᠤᠮᠳᠠᠳᠤ ᠤᠯᠤᠰ ᠤᠨ ᠬᠠᠮᠤᠭ ᠤᠨ ᠭᠤᠶᠣ ᠬᠥᠳᠡᠭᠡ ᠲᠣᠰᠬᠤᠨ ᠤ ᠵᠠᠰᠠᠮᠠᠯ ᠵᠠᠮ ᠪᠣᠯᠬᠤ ᠪᠣᠷᠣᠬᠤᠳᠠ ᠠᠴᠠ ᠪᠠᠶᠠᠨᠲᠤᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠮ ᠤᠨ ᠲᠣᠭᠤᠷᠢᠨ ᠳᠤ᠂ ᠥᠪᠡᠷ ᠢᠶᠠᠨ ᠲᠡᠷᠭᠡ ᠵᠢᠯᠤᠭᠤᠳᠤᠨ ᠠᠶᠠᠯᠠᠬᠤ᠂ ᠬᠡᠭᠡᠷ᠎ᠡ ᠪᠠᠭᠤᠳᠠᠯᠯᠠᠬᠤ᠂ ᠪᠣᠳᠠᠰ ᠤᠨ ᠪᠤᠰᠤ ᠰᠣᠶᠣᠯ ᠤᠨ ᠥᠪ ᠰᠣᠨᠢᠷᠬᠠᠬᠤ᠂ ᠠᠮᠲᠠᠲᠤ ᠢᠳᠡᠭᠡᠨ ᠠᠮᠰᠠᠬᠤ ᠵᠡᠷᠭᠡ ᠵᠢᠭᠤᠯᠴᠢᠯᠠᠯ ᠤᠨ ᠰᠢᠨ᠎ᠡ ᠬᠡᠯᠪᠡᠷᠢ ᠪᠠᠷ ᠳᠠᠮᠵᠢᠭᠤᠯᠤᠨ᠂ ︽ᠰᠣᠶᠣᠯ ᠵᠢᠭᠤᠯᠴᠢᠯᠠᠯ ᠤᠨ ᠠᠮᠢ ᠠᠬᠤᠶ︾᠂ ︽ᠰᠣᠶᠣᠯ ᠵᠢᠭᠤᠯᠴᠢᠯᠠᠯ ᠤᠨ ᠪᠣᠳᠠᠰ ᠤᠨ ᠪᠤᠰᠤ ᠰᠣᠶᠣᠯ ᠤᠨ ᠥᠪ︾᠂ ︽ᠰᠣᠶᠣᠯ ᠵᠢᠭᠤᠯᠴᠢᠯᠠᠯ ᠤᠨ ᠠᠷᠠᠯᠵᠢᠶ᠎ᠠ ᠬᠤᠳᠠᠯᠳᠤᠭ᠎ᠠ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ︽ᠡᠯᠡᠰᠦ ᠮᠠᠩᠬ᠎ᠠ ᠶᠢ ᠬᠤᠪᠢᠷᠠᠭᠤᠯᠣᠨ ᠡᠳ᠋ ᠮᠦᠩᠭᠦ ᠪᠤᠯᠭᠠᠬᠤ᠂ ᠵᠠᠮ ᠳᠤ ᠲᠦᠰᠢᠭᠯᠡᠨ ᠪᠠᠶᠠᠵᠢᠬᠤ︾ ᠵᠡᠷᠭᠡ ᠦᠨᠳᠥᠷ ᠦᠷ᠎ᠡ ᠪᠦᠲᠦᠮᠵᠢ ᠤᠯᠬᠤ ᠶᠢ ᠦᠨᠡᠨ ᠬᠦ ᠪᠡᠶᠡᠯᠡᠭᠦᠯᠵᠦ᠂ ᠵᠠᠮ ᠳᠠᠭᠠᠤ ᠶᠢᠨ ᠡᠯᠡᠰᠦᠷᠬᠡᠭ ᠣᠷᠣᠨ ᠤ ᠤᠯᠠᠨ ᠲᠦᠮᠡᠨ ᠳᠤ ︽ᠠᠮᠢ ᠠᠬᠤᠶ ᠶᠢ ᠰᠡᠷᠭᠦᠭᠡᠬᠦ ᠳᠤ ᠲᠦᠰᠢᠭᠯᠡᠨ᠂ ᠵᠢᠭᠤᠯᠴᠢᠯᠠᠯ ᠤᠨ ᠦᠢᠯᠡᠰ ᠢᠶᠠᠷ ᠪᠠᠶᠠᠵᠢᠨ ᠴᠢᠨᠡᠭᠡᠯᠢᠭᠵᠢᠬᠦ ᠬᠠᠷᠠᠯᠲᠠ ᠶᠢ ᠪᠤᠳᠠᠳᠠᠶᠢᠵᠢᠭᠤᠯᠵᠤ ᠡᠬᠢᠯᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号