ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠬᠠᠶ ᠱᠠᠨ ᠮᠠᠨ ᠤ ᠬᠤᠰᠢᠭᠤᠨ ᠳᠤ ᠢᠷᠡᠵᠦ ᠪᠠᠶᠢᠴᠠᠭᠠᠪᠠ
ᠨᠡᠶᠢᠲᠡᠯᠡᠭᠰᠡᠨ ᠴᠠᠭ᠄
2024/6/19
       6 ᠰᠠᠷ᠎ᠠ ᠶᠢᠨ 17- 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠬᠠᠶ ᠱᠠᠨ ᠮᠠᠨ ᠤ ᠬᠤᠰᠢᠭᠤᠨ ᠳᠤ ᠢᠷᠡᠵᠦ ᠨᠡᠭᠦᠯᠭᠡᠨ ᠰᠢᠯᠵᠢᠭᠦᠯᠦᠭᠰᠡᠨ ᠰᠠᠭᠤᠭᠠᠯᠢ ᠲᠣᠭᠤᠷᠢᠭ ᠤᠨ ᠣᠯᠠᠨ ᠲᠦᠮᠡᠨ ᠤ ᠠᠵᠢᠯ ᠣᠯᠭᠤᠯᠲᠠ᠂ ᠰᠢᠨ᠎ᠡ ᠲᠠᠷᠢᠶᠠᠯᠠᠩ ᠤᠨ ᠠᠵᠤ ᠦᠢᠯᠡᠰ᠂ ᠲᠡᠵᠢᠭᠡᠯ ᠡᠪᠡᠰᠦ ᠳᠠᠷᠢᠬᠤ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠪᠠᠷ᠎ᠠ ᠪᠣᠯᠵᠣ ᠪᠠᠶᠢᠴᠠᠭᠠᠵᠠᠢ᠃       ᠬᠠᠶ ᠱᠠᠨ ᠨᠠᠷ ᠤᠷᠢᠳ ᠬᠤᠵᠢᠳ ᠹᠦ᠋ ᠰᠢᠩ ᠨᠡᠶᠢᠭᠡᠮ ᠲᠣᠭᠤᠷᠢᠭ᠂ ᠮᠢᠩ ᠶᠠᠩ ᠲᠠᠷᠢᠶᠠᠯᠠᠩ᠂ ᠬᠡᠷᠰᠡᠩ ᠰᠤᠮᠤ ᠶᠢᠨ ᠲᠡᠵᠢᠭᠡᠯ ᠡᠪᠡᠰᠦ ᠳᠠᠷᠢᠬᠤ ᠲᠥᠷᠥᠯ ᠵᠦᠢᠯ ᠤᠨ ᠣᠷᠣᠨ ᠵᠡᠷᠭᠡ ᠭᠠᠵᠠᠷ ᠤᠳ ᠲᠤ ᠬᠦᠷᠴᠦ᠂ ᠨᠡᠭᠦᠯᠭᠡᠨ ᠰᠢᠯᠵᠢᠭᠦᠯᠦᠭᠰᠡᠨ ᠣᠯᠠᠨ ᠲᠦᠮᠡᠨ ᠤ ᠠᠵᠢᠯ ᠤᠯᠭᠤᠯᠲᠠ᠂ ᠰᠠᠭᠠᠭ ᠤᠨ ᠠᠵᠤ ᠦᠢᠯᠡᠰ ᠤᠨ ᠬᠥᠭᠵᠢᠯᠲᠡ᠂ ᠲᠠᠴᠢᠷᠳᠠᠵᠤ ᠡᠯᠡᠰᠦᠷᠬᠡᠭᠵᠢᠭᠰᠡᠨ ᠭᠠᠵᠠᠷ ᠢ ᠰᠢᠰᠲ᠋ᠧᠮ ᠲᠠᠢ ᠵᠠᠰᠠᠭᠰᠠᠨ ᠵᠡᠷᠭᠡ ᠪᠠᠶᠢᠳᠠᠯ ᠤᠨ ᠲᠤᠬᠠᠢ ᠨᠠᠷᠢᠯᠢᠭ ᠣᠶᠢᠯᠠᠭᠠᠪᠠ᠃        ᠬᠠᠶ ᠱᠠᠨ ᠴᠢᠬᠤᠯᠠᠴᠢᠯᠠᠭᠰᠠᠨ ᠨᠢ᠂ ᠨᠡᠭᠦᠯᠭᠡᠭᠰᠡᠨ ᠣᠯᠠᠨ ᠲᠦᠮᠡᠨ ᠤ ᠠᠵᠢᠯ ᠤᠯᠭᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠭᠦᠯᠭᠡᠭᠰᠡᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ︽ᠰᠠᠭᠠᠭ ᠤᠨ ᠨᠤᠲᠤᠭ︾ ᠭᠡᠰᠡᠨ ᠡᠨᠡᠬᠦ ᠰᠠᠶᠢᠬᠠᠨ ᠴᠣᠯᠠ ᠪᠠᠨ ᠰᠠᠶᠢᠲᠤᠷ ᠠᠰᠢᠭᠯᠠᠵᠤ᠂ ᠡᠬᠢ ᠪᠠᠶᠠᠯᠢᠭ ᠤᠨ ᠳᠠᠪᠠᠭᠤᠯᠢᠭ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠮᠡᠷᠭᠡᠵᠢᠯ ᠤᠨ ᠳᠠᠪᠠᠭᠤᠯᠢᠭ᠂ ᠵᠠᠭᠤᠴᠢᠯᠠᠭᠤᠷ ᠤᠨ ᠤᠬᠠᠭᠤᠯᠭ᠎ᠠ ᠶᠢᠨ ᠳᠠᠪᠠᠭᠤᠯᠢᠭ ᠢ ᠭᠦᠢᠴᠡᠳ ᠨᠢᠭᠡᠳᠭᠡᠨ᠂ ᠰᠠᠭᠠᠭ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠲᠡᠵᠢᠭᠡᠯ ᠡᠪᠡᠰᠦ ᠳᠠᠷᠢᠬᠤ ᠲᠥᠷᠥᠯ ᠵᠦᠢᠯ ᠤᠨ ᠤᠷᠤᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠨᠠᠷᠢᠯᠢᠭ ᠤᠨᠤᠪᠴᠢᠲᠠᠢ ᠰᠤᠳᠤᠯᠤᠨ᠂ ᠤᠰᠤᠯᠠᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠤᠯᠤᠨ ᠶᠡᠷᠦᠩᠬᠡᠶᠢᠯᠡᠭᠰᠡᠨ ᠦᠷ᠎ᠡ ᠠᠰᠢᠭ ᠢ ᠪᠣᠳᠣᠯᠬᠢᠯᠠᠵᠤ᠂ ᠲᠣᠰ ᠭᠠᠵᠠᠷ ᠣᠷᠣᠨ ᠤ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号