ᠭᠦᠸᠧ ᠢᠦᠶ ᠹᠧᠩ ᠮᠠᠨ ᠤ ᠬᠤᠰᠢᠭᠤᠨ ᠳᠤ ᠢᠷᠡᠵᠥ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/19
       6 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ ᠢᠦᠶ ᠹᠧᠩ ᠮᠠᠨ ᠤ ᠬᠤᠰᠢᠭᠤᠨ ᠳᠤ ᠢᠷᠡᠵᠦ ︽ᠳᠤᠯᠠᠭᠠᠯᠠᠬᠤ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠮᠧᠩ᠂ ᠬᠤᠰᠢᠭᠤᠨ ᠤ ᠤᠳᠤᠷᠢᠳᠤᠯᠭ᠎ᠠ ᠵᠠᠩ ᠭᠦᠸᠧ ᠬᠤᠸᠠ᠂ ᠮᠥᠩᠬᠡ᠂ ᠵᠦ ᠴᠦᠨ ᠶᠦᠩ᠂ ᠳᠤᠪᠳᠤᠨᠰᠡᠩᠭᠡ ᠵᠡᠷᠭᠡ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃       ᠭᠦᠸᠧ ᠢᠦᠢ ᠹᠧᠩ ᠨᠠᠷ ᠤᠷᠢᠳ ᠬᠤᠵᠢᠳ ᠲᠥᠪᠯᠡᠷᠡᠭᠦᠯᠦᠨ ᠢᠯᠴᠢ ᠬᠠᠩᠭᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ ᠴᠢᠤᠸᠠᠨ ᠨᠢᠩ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠵᠡᠷᠭᠡ ᠭᠠᠵᠠᠷ ᠲᠤ ᠬᠦᠷᠴᠦ ᠲᠦᠷᠦᠯ ᠵᠦᠢᠯ ᠤᠨ ᠲᠥᠯᠥᠪᠵᠢᠭᠦᠯᠭᠡ᠂ ᠥᠭᠡᠷᠡᠴᠢᠯᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃        ᠭᠦᠸᠧ ᠢᠦᠢ ᠹᠧᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠳᠤᠯᠠᠭᠠᠯᠠᠬᠤ ᠢᠨᠵᠧᠨᠧᠷᠢᠩ︾ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠨᠢᠳᠥᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠬᠤᠪᠢᠷᠠᠯᠲᠠ ᠪᠠᠷ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ︔ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠨᠢ ᠲᠦᠭ ᠲᠦᠮᠡᠨ ᠠᠶᠢᠯ ᠡᠷᠦᠬᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠬᠤ ᠪᠣᠯᠬᠤᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠤᠨ ᠲᠣᠭᠤᠷᠢᠨ ᠳᠤ ᠠᠷᠠᠳ ᠤᠨ ᠰᠠᠨᠠᠭ᠎ᠠ ᠶᠢ ᠤᠶᠢᠯᠠᠭᠠᠵᠤ᠂ ᠥᠭᠡᠷᠡᠴᠢᠯᠡᠨ ᠪᠠᠶᠢᠭᠤᠯᠬᠤ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠠᠷᠠᠳ ᠲᠦᠮᠡᠨ ᠰᠡᠳᠬᠢᠯ ᠬᠠᠨᠤᠮᠵᠢᠲᠠᠢ᠂ ᠨᠡᠶᠢᠭᠡᠮ ᠳᠤ ᠮᠡᠳᠡᠷᠡᠭᠳᠡᠭᠰᠡᠨ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠨ ᠡᠷᠬᠢᠯᠡᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号