ᠬᠤᠰᠢᠭᠤᠨ ᠳᠠᠷᠤᠭ᠎ᠠ ᠮᠦᠩᠬᠡ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠳᠡᠯᠭᠡᠨ ᠪᠣᠷᠣᠯᠠᠭᠤᠯᠭ᠎ᠠ ᠶᠢᠨ ᠪᠠᠶᠢᠳᠠᠯ ᠢ ᠪᠠᠶᠢᠴᠠᠭᠠᠨ‌‍ᠰᠤᠳᠤᠯᠪᠠ
ᠨᠡᠶᠢᠲᠡᠯᠡᠭᠰᠡᠨ ᠴᠠᠭ᠄
2024/6/19
        6 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠦᠩᠬᠡ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠳᠡᠯᠭᠡᠨ ᠪᠣᠷᠣᠯᠠᠭᠤᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃        ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠠᠬᠤᠶ ᠲᠠᠯᠠᠪᠠᠶ ᠳᠤ᠂ ᠮᠥᠩᠬᠡ ᠡᠯ᠎ᠡ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠡᠷ ᠪᠠᠶᠢᠰᠢᠩ ᠤᠨ ᠢᠷᠡᠯᠲᠡ ᠶᠢᠨ ᠲᠤᠭ᠎ᠠ ᠬᠡᠮᠵᠢᠶ᠎ᠡ᠂ ᠠᠷᠠᠯᠵᠢᠶᠠᠨ ᠤ ᠪᠠᠶᠢᠳᠠᠯ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ᠂ ᠢᠵᠢ ᠪᠥᠷᠢᠳᠦᠭᠦᠯᠬᠦ ᠴᠢᠳᠠᠮᠵᠢ ᠪᠠ ᠬᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃         ᠶᠠᠷᠢᠯᠴᠠᠬᠤ ᠬᠤᠷᠠᠯ ᠳᠡᠭᠡᠷ᠎ᠡ ᠮᠦᠩᠭᠡ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠨᠢᠭᠤᠷᠳᠠᠨ ᠶᠠᠷᠢᠯᠴᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ ᠶᠠᠷᠢᠶᠠᠨ ᠳᠠᠭᠠᠨ ᠣᠳᠣᠬᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢᠨ ᠴᠢᠬᠤᠯᠠ ᠶᠡᠭᠡ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠲᠥᠷᠥ ᠶᠢᠨ ᠪᠣᠳᠣᠯᠭ᠎ᠠ ᠶᠢ ᠳᠠᠭᠠᠵᠤ᠂ ᠰᠠᠭᠤᠭᠠᠯᠢ ᠠᠷᠠᠳ ᠤᠨ ᠵᠠᠶᠢᠯᠠᠰᠢ ᠥᠬᠡᠶ ᠴᠢᠨᠠᠷ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠣᠭᠰᠣᠴᠠ᠂ ᠬᠦᠴᠦᠯᠡᠬᠦ‍ ᠴᠢᠭ ᠢᠶᠠᠨ ᠣᠨᠣᠪᠴᠢᠲᠠᠶ ᠣᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号