︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠤᠯᠠᠭᠠᠨᠬᠠᠳᠠ ᠳᠠᠬᠢ ᠠᠶᠠᠯᠠᠯ︾ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/20
        6 ᠰᠠᠷ᠎ᠠ ᠶᠢᠨ 18 ᠤ ᠡᠳᠦᠷ᠂ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠤᠯᠠᠭᠠᠨᠬᠠᠳᠠ ᠳᠠᠬᠢ ᠠᠶᠠᠯᠠᠯ︾ ᠭᠡᠬᠦ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠭᠦᠨᠵᠡᠭᠡᠶᠢᠷᠡᠵᠦ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠰᠢᠨᠵᠢᠯᠡᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠧ ᠵᠢᠶᠦ᠋ᠨ ᠺᠠᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠦᠩᠬᠡᠳᠠᠯᠠᠢ ᠪᠤᠯᠤᠨ ᠰᠦᠨ ᠮᠢᠩ ᠲᠤᠤ᠂ ᠳ᠋ᠦᠩ ᠵᠢᠦ ᠪᠢᠩ ᠵᠡᠷᠭᠡ ᠬᠤᠰᠢᠭᠤᠨ ᠤ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠬᠠᠰ ᠯᠤᠤ ᠵᠤᠭᠠᠴᠠᠯ ᠤᠨ ᠭᠠᠵᠠᠷ᠂ ᠵᠢᠩ ᠨᠧᠩ 11 ᠲᠦᠮᠡᠨ ᠺᠢᠯᠣᠸᠠᠲ ᠤᠨ ᠰᠠᠯᠬᠢᠨ ᠬᠦᠴᠦᠨ ᠨᠠᠷᠠᠨ ᠡᠨᠧᠷᠬᠢ ᠶᠢ ᠨᠢᠭᠡ ᠴᠤᠬᠴᠠᠵᠢᠭᠤᠯᠤᠬᠰᠠᠨ ᠢᠨᠵᠧᠨᠧᠷᠢᠩ ᠤᠨ ᠲᠦᠷᠦᠯ ᠵᠦᠢᠯ ᠤᠨ ᠣᠷᠣᠨ ᠵᠡᠷᠭᠡ ᠭᠠᠵᠠᠷ ᠤᠳ ᠲᠤ ᠬᠦᠷᠴᠦ᠂ ᠲᠠᠨᠢᠯᠴᠠᠭᠤᠯᠭ᠎ᠠ ᠶᠢ ᠰᠣᠨᠣᠰᠴᠤ ᠂ ᠲᠥᠯᠥᠪᠵᠢᠭᠦᠯᠭᠡ ᠶᠢ ᠠᠰᠠᠭᠤᠨ᠂ ᠮᠠᠨ ᠤ ᠬᠤᠰᠢᠭᠤᠨ ᠤ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃       ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠤᠯᠠᠭᠠᠨᠬᠠᠳᠠ ᠳᠠᠬᠢ ᠠᠶᠠᠯᠠᠯ︾ ᠤᠨ ᠠᠵᠢᠯᠯᠠᠭ᠎ᠠ ᠣᠩᠨᠢᠭᠤᠳ ᠬᠤᠰᠢᠭᠤᠨ ᠳᠤ ᠢᠷᠡᠭᠰᠡᠨ ᠨᠢ᠂ ᠣᠩᠨᠢᠭᠤᠳ ᠬᠤᠰᠢᠭᠤᠨ ᠤ ᠬᠥᠭᠵᠢᠯᠲᠡ ᠶᠢᠨ ᠢᠲᠡᠭᠡᠯ ᠢ ᠤᠯᠠᠮ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠤ ᠦᠷᠭᠡᠳᠭᠡᠭᠰᠡᠨ ᠪᠠᠶᠢᠨ᠎ᠠ᠃ ᠪᠠᠶᠢᠴᠠᠭᠠᠨ ᠰᠤᠳᠤᠯᠬᠤ ᠪᠦᠯᠬᠦᠮ ᠠᠴᠠ ᠢᠯᠡᠷᠬᠡᠶᠢᠯᠡᠭᠰᠡᠨ ᠨᠢ ᠬᠤᠶᠢᠰᠢᠳᠠ ᠤᠩᠨᠢᠭᠤᠳ ᠬᠤᠰᠢᠭᠤ ᠲᠠᠢ ᠦᠵᠡᠯᠲᠡ ᠲᠠᠨᠢᠯᠲᠠ ᠪᠠᠨ ᠨᠢᠭᠡᠳᠭᠡᠨ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠦᠷᠭᠡᠳᠭᠡᠨ᠎ᠡ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号