| | ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 18 ᠤ ᠡᠳᠦᠷ ᠂ ᠬᠤᠲᠠ ᠬᠤᠰᠢᠭᠤ ᠬᠤᠶᠠᠷ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠨ ᠴᠢ ᠺᠣᠮᠫᠠᠨᠢ ᠳᠤ ᠰᠢᠩᠭᠡᠨ ᠰᠢᠪᠲᠦᠷ | ᠯᠡᠪᠡᠷᠡᠬᠦ ᠶᠢ ᠰᠡᠷᠭᠡᠶᠢᠯᠡᠬᠦ ᠰᠣᠷᠢᠯᠲᠠ ᠥᠷᠨᠢᠭᠦᠯᠪᠡ᠃ ᠬᠤᠰᠢᠭᠤᠨ ᠳᠡᠳ᠋ ᠳᠠᠷᠤᠭ᠎ᠠ ᠵᠠᠩ ᠴᠢᠶᠠᠩ᠂ ᠬᠤᠲᠠ ᠶᠢᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠱᠤ᠋ ᠸᠧᠨ ᠨᠠᠷ | ᠰᠤᠷᠢᠯᠲᠠ ᠶᠢ ᠲᠤᠭᠤᠷᠢᠨ ᠦᠵᠡᠵᠡᠢ᠃ | ᠲᠣᠰ ᠤᠳᠠᠭᠠᠨ ᠤ ᠰᠣᠷᠢᠯᠲᠠ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠨ᠂ ᠪᠠᠴᠢᠮ | ᠪᠠᠶᠢᠳᠠᠯ ᠢ ᠠᠷᠭᠠᠴᠠᠭᠠᠵᠤ᠂ ᠠᠮᠢ ᠨᠠᠰᠤ ᠪᠠᠨ ᠬᠠᠶᠢᠷᠠᠯᠠᠶ᠎ᠠ︾ ᠭᠡᠬᠦ ᠠᠭᠤᠯᠭ᠎ᠠ ᠪᠠᠷ ᠭᠤᠤᠯ ᠰᠡᠳᠦᠪ ᠪᠤᠯᠭᠠᠵᠠᠢ᠂ | ᠰᠣᠷᠢᠯᠲᠠ ᠳᠤ ᠠᠶᠤᠯ ᠠᠴᠠ ᠠᠪᠤᠷᠠᠬᠤ᠂ ᠠᠮᠤᠷ ᠢ ᠬᠠᠮᠠᠭᠠᠯᠠᠬᠤ᠂ ᠠᠷᠤ ᠲᠠᠯ᠎ᠠ ᠶᠢᠨ ᠪᠠᠲᠤᠯᠠᠭ᠎ᠠ᠂ ᠡᠮᠴᠢᠯᠡᠭᠡᠨ ᠤ | ᠠᠪᠤᠷᠠᠯᠲᠠ ᠵᠡᠷᠭᠡ ᠬᠡᠳᠦᠨ ᠳᠤᠭᠤᠶᠢᠯᠠᠩ ᠳᠣᠭᠢᠷᠠᠭᠤᠯᠵᠤ᠂ ᠰᠤᠷᠢᠯᠲᠠ ᠡᠬᠢᠯᠡᠮᠡᠭᠴᠡ᠂ ᠡᠯ᠎ᠡ ᠪᠠᠴᠢᠮ ᠪᠠᠶᠢᠳᠠᠯ ᠢ | ᠠᠷᠭᠠᠴᠠᠬᠤ ᠳᠤᠭᠤᠶᠢᠯᠠᠩ ᠠᠵᠢᠯ ᠤᠨ ᠬᠤᠪᠢᠶᠠᠷᠢᠯᠠᠯ ᠶᠣᠰᠣᠭᠠᠷ᠂ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠵᠦ᠂ | ᠰᠢᠪᠲᠤᠤᠷ ᠯᠡᠪᠡᠷᠡᠭᠰᠡᠨ ᠡᠬᠢ ᠡᠭᠦᠰᠦᠯ ᠢ ᠳᠠᠷᠦ᠋ᠢᠬᠠᠨ ᠡᠵᠡᠮᠳᠡᠬᠦ ᠠᠴᠠ ᠡᠬᠢᠯᠡᠨ ᠰᠢᠷᠬᠠᠲᠤᠭᠰᠠᠳ ᠢ ᠠᠪᠤᠷᠠᠨ ᠡᠮᠨᠡᠬᠦ | ᠬᠦᠷᠲᠡᠯ᠎ᠡ᠂ ᠡᠮᠬᠢ ᠳᠠᠷᠠᠭ᠎ᠠ ᠲᠠᠢ ᠮᠦᠷᠲᠡᠭᠡᠨ ᠯᠠᠪᠳᠠᠭᠤᠨ ᠲᠣᠭᠲᠠᠭᠤᠨ ᠢᠶᠠᠷ ᠢᠳᠡᠪᠬᠢᠲᠡᠢ ᠬᠠᠮᠵᠢᠯᠴᠠᠵᠤ᠂ | ᠰᠣᠷᠢᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ | ᠲᠣᠰ ᠤᠳᠠᠭᠠᠨ ᠤ ᠰᠣᠷᠢᠯᠲᠠ ᠪᠠᠷ ᠳᠠᠮᠵᠢᠨ ᠰᠢᠩᠭᠡᠨ ᠰᠢᠪᠲᠦᠷ ᠯᠡᠪᠡᠷᠡᠭᠰᠡᠨ ᠭᠡᠨᠡᠳᠲᠡ ᠶᠢᠨ ᠠᠳᠡᠯ | ᠪᠤᠯᠤᠨ ᠣᠷᠴᠢᠨ ᠲᠣᠭᠤᠷᠢᠨ ᠢ ᠪᠤᠬᠢᠷᠳᠠᠭᠤᠯᠤᠭᠰᠠᠨ ᠠᠳᠡᠯ ᠤᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠥᠭᠰᠡᠨ ᠪᠠᠶᠢᠨ᠎ᠠ᠃ | |