ᠲᠡᠮᠥᠷ ᠬᠡᠥᠭᠡᠨᠴᠥᠳ ᠤᠨ ᠲᠡᠮᠡᠥᠯᠡᠯ  ᠲᠡᠪᠡᠨᠡ ᠵᠡᠭᠦᠥ ᠶᠢᠨ ᠤᠯᠠᠮᠵᠢᠯᠠᠯ
ᠨᠡᠶᠢᠲᠡᠯᠡᠭᠰᠡᠨ ᠴᠠᠭ᠄
2024/6/24
         2024 ᠤᠨ ᠤ 6 ᠰᠠᠷ᠎ᠠ ᠶᠢᠨ19   ᠤ ᠡᠳᠥᠷ᠂ ᠤᠩᠨᠢᠭᠤᠳ ᠬᠤᠰᠢᠭᠤᠨ ᠤ ᠲᠡᠮᠥᠷ ᠬᠡᠥᠬᠡᠨᠴᠥᠳ  ᠤᠨ ᠬᠤᠯᠪᠤᠭᠠᠨ ᠤ ᠡᠯ᠎ᠡ ᠰᠤᠮᠤ ᠪᠠᠯᠭᠠᠰᠤ ᠭᠠᠴᠠᠭ᠎ᠠ ᠲᠤᠰᠬᠤᠨ ᠳᠤᠭᠤᠶᠢᠯᠠᠩ ᠤᠨ ᠠᠬᠠᠯᠠᠭᠴᠢ 40 ᠭᠠᠷᠤᠢ ᠬᠦᠮᠥᠨ ᠪᠣᠷᠣᠬᠤᠲᠠ ᠪᠠᠯᠭᠠᠰᠤᠨ ᠳᠤ ᠴᠣᠭᠯᠠᠭᠠᠨ ᠪᠣᠯᠵᠣ᠂ ᠦᠨᠳᠥᠰᠥᠳᠡᠨ ᠤ ᠤᠯᠠᠮᠵᠢᠯᠠᠯᠳᠤ ᠤᠶᠤᠳᠠᠯ ᠤᠨ ᠭᠡᠭᠡᠭᠳᠡᠵᠥ ᠤᠷᠬᠢᠭᠳᠠᠵᠤ ᠪᠠᠶᠢᠭ᠎ᠠ ᠤᠷ᠎ᠠ ᠮᠡᠷᠭᠡᠵᠢᠯ ᠤᠨ ᠲᠤᠬᠠᠢ ᠶᠠᠷᠢᠯᠴᠠᠭᠠᠨ  ᠦᠷᠨᠢᠭᠦᠯᠬᠦ` ᠶᠢᠨ ᠬᠠᠮᠲᠤ ᠲᠤᠬᠠᠢ  ᠶᠢᠨ ᠲᠠᠯᠠᠪᠤᠷ ᠳᠤ ᠭᠠᠷ ᠤᠷᠠᠯᠠᠯ ᠤᠨ ᠪᠦᠲᠥᠭᠡᠭᠳᠡᠬᠦᠨ ᠢᠶᠠᠨ ᠳᠡᠯᠭᠡᠨ ᠦᠵᠡᠭᠦᠯᠵᠥ᠂ ᠤᠶᠤᠳᠠᠯ ᠮᠡᠷᠭᠡᠵᠢᠯ ᠢᠶᠠᠨ ᠤᠯᠠᠮᠵᠢᠯᠠᠭᠰᠠᠨ ᠪᠠᠶᠢᠨ᠎ᠠ᠃         ᠲᠡᠮᠥᠷ ᠬᠡᠥᠬᠡᠨᠴᠥᠳ ᠤᠨ ᠬᠤᠯᠪᠤᠭ᠎ᠠ ᠨᠢ ᠪᠠᠶᠢᠭᠤᠯᠤᠭᠳᠠᠭᠰᠠᠨ ᠠᠴᠠ ᠨᠠᠰᠢ ᠤᠳᠠᠭ᠎ᠠ ᠳᠠᠷᠠᠭ᠎ᠠ ᠪᠠᠷ ᠨᠡᠶᠢᠭᠡᠮ ᠨᠡᠶᠢᠲᠡ ᠶᠢᠨ ᠬᠠᠪᠰᠤᠷᠤᠯᠭ᠎ᠠ ᠳᠡᠮᠵᠢᠯᠭᠡ ᠶᠢᠨ ᠠᠵᠢᠯᠯᠠᠭ᠎ᠠ ᠳᠤ ᠢᠳᠡᠪᠬᠢᠳᠡᠢ ᠤᠷᠤᠯᠴᠠᠵᠤ᠂ ᠰᠧᠴᠤᠸᠠᠨ ᠤ ᠭᠠᠵᠠᠷ ᠬᠦᠳᠡᠯᠥᠯᠲᠡ᠂ ᠬᠢᠵᠢᠭ ᠲᠠᠢ ᠲᠡᠮᠡᠴᠡᠬᠦ᠂ ᠬᠦᠴᠢᠷᠳᠡᠢ ᠡᠷᠥᠬᠡ ᠶᠢ ᠳᠡᠮᠵᠢᠬᠦ ᠵᠡᠷᠭᠡ ᠲᠠᠯ᠎ᠠ ᠪᠠᠷ ᠨᠦᠯᠥᠭᠡ ᠲᠤᠰᠬᠠᠯ ᠭᠠᠷᠭᠠᠭᠰᠠᠭᠠᠷ ᠢᠷᠡᠭᠰᠡᠨ ᠶᠤᠮ᠃         ᠲᠤᠰ ᠤᠳᠠᠭᠠᠨ ᠤ ᠴᠤᠭᠯᠠᠭᠠᠨ ᠨᠢ ᠲᠡᠮᠦᠷ ᠬᠡᠤᠬᠡᠨᠴᠦᠳ ᠤᠨ ᠬᠠᠷᠢᠯᠴᠠᠭ᠎ᠠ ᠬᠤᠯᠪᠣᠭ᠎ᠠ ᠶᠢ ᠨᠡᠩ ᠨᠢᠭᠲᠠᠷᠠᠭᠤᠯᠵᠤ᠂ ᠦᠨᠳᠦᠰᠦᠲᠡᠨ ᠤ ᠤᠯᠠᠮᠵᠢᠯᠠᠯᠲᠤ ᠤᠶᠤᠳᠠᠯ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号