ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 118 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
        6 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 118 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠮᠥᠩᠬᠡ᠂ ᠰᠦᠨ ᠮᠢᠩ ᠲᠤᠤ᠂ ᠾᠧᠦ ᠭᠦᠸᠧ ᠵᠢᠩ᠂ ᠬᠤ᠋ ᠹᠧᠩ ᠶᠠᠨ᠂ ᠭᠧᠩ ᠸᠧᠢ ᠳ᠋ᠦᠩ᠂ ᠵᠦ ᠴᠦᠨ ᠶᠦᠩ᠂ ᠵᠠᠩ ᠵᠢᠦ ᠫᠦᠸᠧ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠢ ᠲᠢᠩ ᠬᠤᠷᠠᠯ ᠳᠤ ᠰᠤᠯᠠ ᠣᠷᠣᠯᠴᠠᠪᠠ᠃         ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ 2024 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ᠂ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ 2024 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃        ᠬᠤᠷᠠᠯ ᠠᠴᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠲᠤᠰ ᠭᠠᠵᠠᠷ ᠤᠨ ᠣᠨᠴᠠᠯᠢᠭ ᠪᠣᠯᠤᠨ ᠤᠳᠤ ᠦᠶ᠎ᠡ ᠶᠢᠨ ᠳᠠᠪᠠᠭᠤᠯᠢᠭ ᠭᠤᠣᠯᠯᠠᠬᠤ ᠠᠵᠤ ᠦᠢᠯᠡᠰ ᠢ ᠲᠦᠷᠭᠡᠨ ᠪᠤᠶᠢᠵᠢᠭᠤᠯᠵᠤ᠂ ᠰᠠᠯᠬᠢ ᠭᠡᠷᠡᠯ ᠡᠯᠡᠰᠥᠷᠬᠡᠭ ᠣᠷᠣᠨ ᠤ ᠡᠨᠧᠷᠭᠢ ᠶᠢᠨ ᠬᠠᠳᠠᠭᠠᠯᠠᠭᠳᠠᠴᠠ ᠶᠢ ᠥᠨᠳᠥᠷ ᠡᠨᠧᠷᠭᠢ ᠠᠴᠢᠶᠠᠯᠠᠬᠤ ᠠᠵᠤ ᠦᠢᠯᠡᠰ᠂ ᠠᠭᠤᠷᠬᠠᠢ ᠶᠢᠨ ᠦᠢᠯᠡᠰ ᠤᠨ ᠠᠵᠤ ᠠᠬᠤᠢ᠂ ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠲᠠᠢ ᠤᠶᠠᠯᠳᠤᠭᠤᠯᠤᠨ ᠠᠵᠤ ᠦᠢᠯᠡᠰ ᠢ ᠶᠡᠬᠡᠪᠡᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠨᠠᠷᠢᠯᠢᠭᠵᠢᠭᠤᠯᠬᠤ ᠬᠡᠷᠡᠭᠲᠡᠢ ᠭᠡᠵᠡᠢ᠃        ᠬᠤᠷᠠᠯ ᠠᠴᠠ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠦᠬᠦ ᠵᠢᠯ ᠤᠨ ᠡᠯᠡᠰᠦ ᠶᠢ ᠰᠡᠷᠭᠡᠢᠯᠡᠨ ᠵᠠᠰᠠᠬᠤ ᠡᠭᠦᠷᠭᠡ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡ ᠨᠢᠭᠡ ᠬᠡᠰᠡᠭ ᠢᠶᠠᠷ ᠨᠤᠭᠤᠭᠠᠷᠠᠭᠤᠯᠵᠤ᠂ ᠭᠦᠶᠥᠳᠡᠯ ᠢᠶᠠᠷ ᠵᠠᠰᠠᠵᠤ ᠪᠣᠯᠬᠤ ᠦᠭᠡᠢ᠃ ᠠᠮᠢ ᠠᠬᠤᠢ ᠶᠢᠨ ᠴᠢᠨᠠᠷ ᠪᠠ ᠠᠵᠤ ᠠᠬᠤᠢ ᠶᠢᠨ ᠴᠢᠨᠠᠷ ᠢ ᠴᠢᠬᠤᠯᠠᠴᠢᠯᠠᠨ᠂ ᠨᠠᠷᠢᠨ ᠨᠢᠭᠲᠠ ᠪᠣᠳᠣᠯᠬᠢᠯᠠᠨ ᠮᠠᠲ᠋ᠧᠷᠢᠶᠠᠯ ᠢ ᠰᠣᠩᠭᠤᠬᠤ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ︽ᠵᠠᠮ ᠢᠶᠠᠷ ᠡᠯᠡᠰᠦ ᠶᠢ ᠵᠠᠰᠠᠵᠤ᠂ ᠵᠠᠮ ᠢᠶᠠᠷ ᠪᠠᠶᠠᠵᠢᠯ ᠬᠤᠷᠤᠶᠢᠯᠠᠬᠤ︾ ᠵᠠᠭᠪᠤᠷ ᠢ ᠦᠷᠭᠦᠯᠵᠢᠯᠡᠨ ᠥᠷᠭᠡᠳᠬᠡᠵᠦ᠂ ᠡᠯᠡᠰᠦ ᠶᠢ ᠲᠤᠭᠤᠯᠬᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠡᠯᠡᠰᠦ ᠶᠢ ᠵᠠᠰᠠᠬᠤ ᠣᠯᠠᠨ ᠡᠰᠢᠲᠦ ᠪᠡᠯᠡ ᠣᠷᠣᠭᠤᠯᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ ︽ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ ᠵᠠᠭᠪᠤᠷ ᠢ ᠬᠠᠶᠢᠨ ᠰᠦᠪᠡᠭᠴᠢᠯᠡᠵᠦ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠨᠡᠶᠢᠲᠡᠯᠢᠭ ᠵᠠᠭᠪᠤᠷ ᠢ ᠦᠷᠭᠦᠯᠵᠢᠯᠡᠨ ᠶᠡᠬᠡᠪᠡᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠲᠦᠮᠡᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠡᠭᠦᠯᠴᠢ ᠶᠢᠨ ᠬᠤᠭᠤᠴᠠᠭᠠᠨ ᠤ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠢᠶᠠᠷ ᠡᠯᠡᠰᠦ ᠶᠢ ᠵᠠᠰᠠᠵᠤ ᠡᠵᠡᠩᠨᠡᠬᠦ ᠶᠢ ᠥᠷᠭᠡᠨ ᠢᠶᠠᠷ ᠳᠠᠶᠢᠴᠢᠯᠠᠵᠤ᠂ ᠣᠯᠠᠨ ᠲᠦᠮᠡᠨ ᠪᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ ᠭᠡᠵᠥ ᠴᠢᠩᠭᠠᠳᠬᠠᠭᠰᠠᠨ ᠪᠠᠢᠨ᠎ᠠ᠃        ᠬᠤᠷᠠᠯ ᠠᠴᠠ᠂ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠ ᠦᠶᠡᠷ ᠤᠨ ᠪᠠᠶᠢᠳᠠᠯ ᠢ ᠤᠷᠢᠳᠴᠢᠯᠠᠨ ᠮᠠᠭᠠᠳᠯᠠᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠲᠣᠭᠤᠷᠢᠨ ᠪᠠᠶᠢᠴᠠᠭᠠᠬᠤ᠂ ᠠᠶᠤᠯ ᠢ ᠠᠷᠢᠯᠭᠠᠨ ᠬᠠᠰᠢᠯᠭ᠎ᠠ ᠶᠢ ᠪᠠᠬᠢᠵᠢᠭᠦᠯᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠭᠰᠢᠭᠦᠷᠢᠲᠦ ᠪᠠᠶᠢᠳᠠᠯ ᠭᠠᠷᠤᠮᠠᠭᠴᠠ ᠲᠦᠷᠭᠡᠨ ᠮᠡᠳᠡᠭᠦᠯᠵᠥ᠂ ᠤᠯᠠᠨ ᠲᠦᠮᠡᠨ ᠢ ᠲᠦᠷᠭᠡᠨ ᠰᠢᠯᠵᠢᠭᠦᠯᠬᠦ ᠶᠢ ᠪᠠᠲᠤᠯᠠᠵᠤ᠂ ᠤᠯᠠᠨ ᠲᠦᠮᠡᠨ ᠪᠠ ᠠᠶᠤᠯ ᠭᠠᠮᠰᠢᠭ ᠠᠴᠠ ᠠᠪᠤᠷᠠᠬᠤ ᠬᠥᠮᠦᠰ ᠤᠨ ᠠᠮᠤᠷ ᠲᠦᠪᠰᠢᠨ ᠢ ᠴᠠᠭ ᠢᠮᠠᠭᠲᠠ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭᠠᠷᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠢ ᠤᠨᠢᠨ ᠳᠡᠭᠡᠷ᠎ᠡ ᠨᠢ ᠵᠠᠰᠠᠬᠤ ᠶᠢ ᠴᠢᠩᠭᠠᠳᠬᠠᠵᠤ᠂ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠵᠢᠱᠢᠶ᠎ᠡ ᠦᠵᠡᠭᠦᠯᠬᠦ ᠶᠢ ᠠᠳᠬᠤᠬᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ᠂ ᠰᠠᠭᠤᠷᠢᠨ ᠭᠠᠵᠠᠷ ᠪᠠᠶᠢᠭᠤᠯᠬᠤ ᠶᠢ ᠪᠠᠷᠢᠮᠲᠠᠯᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠣᠨ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠴᠣᠯᠭᠤᠷᠠᠨ ᠭᠠᠷᠤᠭᠰᠠᠨ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠵᠤ᠂ ᠣᠩᠨᠢᠭᠤᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号