ᠮᠠᠨ ᠤ ᠬᠤᠰᠢᠭᠤᠨ ᠤ ︽ᠵᠠᠭᠤᠨ ᠡᠳᠦᠷ ᠲᠤ ᠮᠢᠩᠭᠠᠨ ᠲᠦᠮᠡᠨ ᠬᠦᠮᠥᠨ ᠳᠤ ᠠᠵᠢᠯ ᠣᠯᠭᠤᠬᠤ︾ ᠪᠣᠯᠣᠨ ︽ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠬᠤᠷᠠᠯ︾ ᠽᠢ ᠴᠧᠩ ᠠᠭᠤᠳᠠᠮ ᠲᠠᠯᠠᠪᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/25
        6 ᠰᠠᠷ᠎ᠠ ᠶᠢᠨ 19 ᠤ ᠡᠳᠦᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ᠂ ᠤᠯᠠᠭᠠᠨᠬᠠᠳᠠ ᠶᠢᠨ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠨ ᠬᠦᠭᠵᠢᠭᠦᠯᠥᠯᠳᠡ ᠶᠢᠨ ᠬᠠᠮᠢᠶᠠᠷᠤᠯᠳᠠ ᠶᠢᠨ ᠵᠥᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠽᠢ ᠴᠧᠩ ᠠᠭᠤᠳᠠᠮ ᠲᠠᠯᠠᠪᠠᠶ ᠳᠤ 2024 ᠣᠨ ᠤ ᠣᠩᠨᠢᠭᠤᠳ ᠬᠤᠰᠢᠭᠤᠨ ᠤ ︽ᠵᠠᠭᠤᠨ ᠡᠳᠦᠷ ᠲᠤ ᠮᠢᠩᠭᠠᠨ ᠲᠦᠮᠡᠨ ᠬᠦᠮᠥᠨ ᠳᠤ ᠠᠵᠢᠯ ᠣᠯᠭᠤᠬᠤ︾ ᠲᠤᠰᠬᠠᠶ ᠲᠠᠯᠠᠪᠤᠷ ᠠᠵᠢᠯᠲᠠᠨ ᠡᠯᠰᠡᠬᠦ ᠬᠤᠷᠠᠯ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠰᠬᠠᠶ ᠲᠠᠯᠠᠪᠤᠷ ᠠᠵᠢᠯᠲᠠᠨ ᠡᠯᠰᠡᠬᠦ ᠬᠤᠷᠠᠯ ᠢ ᠡᠷᠭᠢᠯᠡᠪᠡ᠃         ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ ᠠᠵᠢᠯ ᠡᠷᠢᠭᠰᠡᠳ ᠨᠡᠯᠢᠶᠡᠳ ᠤᠯᠠᠨ ᠴᠤᠭᠯᠠᠷᠠᠵᠤ᠂ ᠠᠵᠢᠯᠲᠠᠳ ᠠᠴᠠ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠴᠠᠯᠢᠩ ᠣᠯᠭᠤᠮᠵᠢ ᠶᠢ ᠨᠠᠷᠢᠨ ᠲᠠᠨᠢᠯᠴᠠᠭᠤᠯᠵᠤ ᠪᠠᠶᠢᠯ᠎ᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ 30 ᠠᠵᠤ ᠠᠬᠤᠶᠢᠯᠠᠯ ᠣᠷᠣᠯᠴᠠᠵᠤ᠂ ᠡᠯ᠎ᠡ ᠲᠥᠷᠥᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠶᠢᠲᠡ 1872 ᠬᠠᠩᠭᠠᠪᠠ᠃ ᠠᠵᠢᠯᠯᠠᠭ᠎ᠠ ᠶᠢᠨ ᠡᠴᠦᠰ ᠲᠤ᠂ 204 ᠬᠦᠮᠥᠨ ᠣᠯᠠᠨ ᠠᠵᠢᠯ ᠤᠨ ᠪᠠᠶᠢᠷᠢ ᠳᠤ ᠰᠠᠨᠠᠭ᠎ᠠ ᠲᠤᠬᠢᠷᠠᠵᠤ᠂ ᠡᠭᠦᠨ ᠤ ᠳᠤᠲᠤᠷ᠎ᠠ ᠴᠡᠷᠢᠭ ᠠᠴᠠ ᠬᠠᠯᠠᠭᠳᠠᠭᠰᠠᠳ 26 ᠨᠡᠷ᠎ᠡ ᠶᠢ ᠡᠵᠡᠯᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号