ᠵᠢᠩ ᠨᠧᠩ ᠰᠢᠨ᠎ᠡ ᠡᠨᠧᠷᠭᠢ ᠶᠢᠨ 11 ᠲᠥᠮᠡᠨ ᠺᠢᠯᠤᠸᠠᠲᠢ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠨᠠᠷᠠᠨ ᠡᠨᠧᠷᠭᠢ ᠶᠢᠨ ᠬᠠᠪᠲᠠᠰᠤ ᠶᠢ ᠤᠭᠰᠠᠷᠠᠵᠤ ᠡᠬᠢᠯᠡᠪᠡ
ᠨᠡᠶᠢᠲᠡᠯᠡᠭᠰᠡᠨ ᠴᠠᠭ᠄
2024/6/26
       ᠣᠶᠢᠷ᠎ᠠ ᠳᠤ᠂ ᠮᠠᠨ ᠤ ᠬᠤᠰᠢᠭᠤ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠨᠠᠷᠠᠨ ᠡᠨᠧᠷᠭᠢ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠩ ᠨᠧᠩ ᠰᠢᠨ᠎ᠡ ᠡᠨᠧᠷᠭᠢ ᠶᠢᠨ 11 ᠲᠥᠮᠡᠨ ᠺᠢᠯᠤᠸᠠᠲᠢ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠨᠠᠷᠠᠨ ᠡᠨᠧᠷᠭᠢ ᠶᠢᠨ ᠬᠠᠪᠲᠠᠰᠤ ᠶᠢ ᠤᠭᠰᠠᠷᠠᠵᠤ ᠡᠬᠢᠯᠡᠭᠰᠡᠨ ᠪᠠᠶᠢᠨ᠎ᠠ᠃        ᠭᠤᠷᠪᠠᠨ ᠰᠠᠷ᠎ᠠ ᠶᠢᠨ ᠪᠠᠴᠢᠮ ᠶᠠᠭᠠᠷᠠᠯᠲᠠᠶ ᠠᠵᠢᠯ ᠢᠶᠠᠷ ᠳᠡᠮᠵᠢᠨ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ 8 ᠲᠦᠮᠡ ᠭᠠᠷᠤᠶ ᠪᠠᠭᠠᠨ᠎ᠠ ᠶᠢ ᠪᠤᠯᠠᠵᠤ ᠲᠠᠯᠪᠢᠬᠤ ᠠᠵᠢᠯ ᠢ ᠪᠡᠶᠡᠯᠡᠭᠦᠯᠵᠦ᠂ ᠠᠵᠢᠯᠴᠢᠳ ᠤᠳᠤᠬᠠᠨ ᠳᠤ ᠶᠠᠭ ᠰᠠᠶᠢᠬᠠᠨ ᠤᠭᠰᠠᠷᠠᠵᠤ ᠲᠤᠨᠤᠭᠯᠠᠬᠤ ᠠᠵᠢᠯ ᠢ ᠱᠠᠯᠠᠪᠳᠠᠨ ᠬᠢᠵᠦ ᠪᠠᠶᠢᠨ᠎ᠠ᠃ᠵᠢᠩ ᠨᠧᠩ ᠰᠢᠨ᠎ᠡ ᠡᠨᠧᠷᠭᠢ ᠶᠢᠨ 11 ᠲᠥᠮᠡᠨ ᠺᠢᠯᠤᠸᠠᠲᠢ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 5.8 ᠳ᠋ᠦᠩᠰᠢᠭᠤᠷ ᠪᠠᠶᠢᠵᠤ᠂ ᠲᠥᠷᠥᠯ ᠵᠦᠢᠯ ᠢ 3 ᠰᠠᠷ᠎ᠠ ᠠᠴᠠ ᠡᠬᠢᠯᠡᠨ ᠪᠠᠶᠢᠭᠤᠯᠵᠤ᠂ 7 ᠰᠠᠷ᠎ᠠ ᠶᠢᠨ ᠰᠡᠭᠦᠯᠴᠢ ᠪᠠᠷ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号