ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ116 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/5
        6 ᠰᠠᠷ᠎ᠠ ᠶᠢᠨ 3 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ 116 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃  ᠮᠦᠩᠬᠡ᠂ ᠰᠦᠨ ᠮᠢᠩ ᠲᠤᠤ᠂ ᠾᠧᠦ ᠭᠦᠸᠧ ᠵᠢᠩ᠂ ᠸᠠᠩ ᠵᠢᠶᠦ᠋ᠨ ᠵᠢᠶᠦ᠋ᠨ᠂ ᠬᠤ᠋ ᠹᠥ᠋ᠩ ᠶᠠᠨ᠂ ᠭᠦ᠋ᠩ ᠸᠧᠢ ᠳ᠋ᠦᠩ᠂ ᠵᠦ ᠴᠦᠨ ᠶᠦᠩ᠂ ᠵᠠᠩ ᠵᠢᠦ ᠫᠦᠸᠧ᠂ ᠳ᠋ᠦᠩ ᠵᠢᠦ ᠪᠢᠩ ᠬᠤᠷᠠᠯ ᠳᠤ ᠣᠷᠣᠯᠴᠠᠪᠠ᠂  ᠯᠢ ᠢᠦᠢ ᠲᠢᠩ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ  ᠰᠢ ᠶᠢᠨ ᠫᠢᠩ ᠶᠡᠷᠦᠩᠬᠡᠢ ᠱᠦᠵᠢ ᠵᠢᠨ‌ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ  ᠂  ᠣᠷᠣᠨ ᠤ ᠬᠤᠯᠪᠣᠭᠳᠠᠯ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠮᠠᠨ ᠤ ᠬᠤᠰᠢᠭᠤᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠵᠢᠴᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠡᠮ ᠰᠣᠭᠤᠭ ᠢ ᠪᠠᠶᠢᠴᠠᠭᠠᠨ ᠴᠡᠭᠴᠡᠯᠡᠭᠰᠡᠨ ᠪᠠᠶᠢᠳᠠᠯ᠂  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ᠂ ᠬᠤᠲᠠ ᠶᠢᠨ ᠱᠠᠲᠤᠨ ᠤ ︽ᠬᠤᠶᠠᠷ ᠰᠢᠯᠢᠳᠡᠭ ᠨᠢᠭᠡ ᠲᠡᠷᠢᠭᠦᠨ ︾   ᠢ  ᠲᠠᠨᠢᠯᠴᠠᠭᠤᠯᠬᠤ ᠠᠵᠢᠯ ᠤᠨ ᠪᠠᠶᠢᠳᠠᠯ ᠪᠤᠯᠤᠨ ᠬᠡᠰᠡᠭ ᠺᠠᠳ᠋ᠷ  ᠢ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠡᠳ ᠵᠢᠩᠬᠢᠨᠢᠴᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ︽ᠠᠵᠤ ᠦᠢᠯᠡᠳᠪᠦᠷᠢ ᠪᠤᠯᠤᠨ ᠠᠷᠠᠯᠵᠢᠶᠠᠴᠢᠨ‌ᠤᠷᠢᠬᠤ ᠶᠢ ᠶᠡᠬᠡᠪᠡᠷ ᠠᠳᠬᠤᠬᠤ︾ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ‌ᠠᠵᠤ ᠦᠢᠯᠡᠰ ᠢ ᠪᠣᠶᠢᠵᠢᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠦᠢᠯᠡᠰ ᠢ ᠠᠮᠢᠳᠤᠯᠢᠭ ᠪᠤᠯᠭᠠᠬᠤ ᠬᠡᠷᠡᠭᠲᠡᠢ ᠭᠡᠵᠡᠢ᠃     ᠬᠤᠷᠠᠯ ᠠᠴᠠ᠂ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾  ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂  ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠤᠨ ᠡᠵᠡᠩᠨᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤ   ᠪᠠᠨ  ᠳᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ᠂ ᠵᠠᠮ ᠬᠠᠷᠢᠯᠴᠠᠭᠠᠨ ᠤ ᠲᠥᠷᠥᠯ ᠵᠦᠢᠯ ᠢ ᠰᠤᠳᠤᠯᠤᠨ ᠰᠦᠪᠡᠭᠴᠢᠯᠡᠬᠦ ᠡᠷᠴᠢᠮ ᠢᠶᠠᠨ ᠴᠢᠩᠭᠠᠷᠠᠭᠤᠯᠵᠤ᠂ ᠵᠢᠯ ᠪᠦᠷᠢ ᠨᠢᠭᠡ ᠪᠦᠯᠦᠭ ᠬᠥᠳᠡᠭᠡ ᠲᠣᠰᠬᠤᠨ ᠤ ᠵᠠᠰᠠᠮᠠᠯ ᠵᠠᠮ ᠢ ᠥᠭᠡᠷᠡᠴᠢᠯᠡᠨ ᠵᠠᠰᠠᠵᠤ᠂ ᠪᠥᠬᠦ ᠬᠤᠰᠢᠭᠤᠨ ᠤ ᠵᠠᠰᠠᠮᠠᠯ ᠵᠠᠮ ᠤᠨ ᠲᠤᠤᠷᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号